ᠡᠨᠡ 4 ᠵᠦᠢᠯ ᠤᠨ ᠬᠤᠨᠤᠭ ᠥᠨᠵᠢᠭᠰᠡᠨ ᠨᠣᠭᠤᠭ᠎ᠠ ᠨᠢ ᠥᠮᠡᠨ ᠡᠭᠦᠰᠭᠡᠵᠦ ᠮᠡᠳᠡᠨ᠎ᠡ
ᠨᠡᠶᠢᠲᠡᠯᠡᠭᠰᠡᠨ ᠴᠠᠭ᠄
2023/1/30
     ᠽᠦᠸᠧ ᠰᠢᠶᠤᠤ ᠰᠢᠶᠠ ︵ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠨᠠᠶ᠋ᠮᠠᠳᠤᠭᠠᠷ ᠠᠨᠠᠭᠠᠬᠤ ᠤᠬᠠᠭᠠᠨ ᠤ ᠲᠥᠪ ᠤᠨ ᠰᠢᠮ᠎ᠡ ᠲᠡᠵᠢᠭᠡᠯ ᠤᠨ ᠰᠠᠯᠠᠭ᠎ᠠ ᠡᠷᠬᠢᠯᠡᠭᠴᠢ ᠡᠮᠴᠢ︶᠄ ᠠᠮᠢᠳᠤᠷᠠᠯ ᠳᠤᠮᠳᠠ ᠮᠠᠰᠢ ᠣᠯᠠᠨ ᠬᠥᠮᠦᠨ ᠪᠦᠷ ᠬᠤᠨᠤᠭ ᠥᠨᠵᠢᠭᠰᠡᠨ ᠨᠣᠭᠤᠭ᠎ᠠ ᠢᠳᠡᠬᠦ ᠳᠠᠳᠬᠠᠯ ᠲᠠᠢ ᠪᠠ ᠥᠩᠭᠡᠷᠡᠯᠲᠡ ᠲᠠᠢ᠃ ᠢᠳᠡᠵᠦ ᠪᠠᠷᠠᠬᠤ ᠦᠭᠡᠢ ᠬᠤᠭᠤᠯᠠ ᠶᠢ ᠳᠠᠷᠠᠭ᠎ᠠ ᠡᠳᠦᠷ᠂ ᠭᠤᠷᠪᠠᠳᠤᠭᠠᠷ ᠡᠳᠦᠷ ᠦᠷᠭᠦᠯᠵᠢᠯᠡᠨ ᠢᠳᠡᠨ᠎ᠡ᠂ ᠴᠢᠨᠠᠷ ᠬᠤᠪᠢᠷᠠᠬᠤ ᠦᠭᠡᠢ ᠢᠯᠵᠢᠷᠠᠬᠤ ᠦᠬᠡᠢ ᠪᠣᠯ ᠶᠠᠭᠠᠬᠢᠭᠰᠠᠨ ᠴᠤ ᠬᠠᠶᠠᠬᠤ ᠦᠭᠡᠢ᠃ ᠦᠨᠡᠨ ᠳᠡᠭᠡᠨ ᠢᠩᠭᠢᠵᠦ ︽ᠠᠷᠪᠢᠯᠠᠬᠤ︾ ᠨᠢ ᠪᠠᠰᠠ ᠪᠡᠶ᠎ᠡ ᠮᠠᠬᠠᠪᠣᠳ ᠢ ︽ᠵᠣᠪᠠᠯᠠᠩ ᠳᠤ ᠤᠴᠠᠷᠠᠭᠤᠯᠬᠤ︾ ᠶᠤᠮ᠃ ᠨᠢᠭᠡ ᠲᠠᠯ᠎ᠠ ᠪᠠᠷ᠂ ᠬᠤᠨᠤᠭ ᠥᠨᠵᠢᠭᠰᠡᠨ ᠨᠣᠭᠤᠭ᠎ᠠ ᠶᠡᠭᠡ ᠬᠡᠮᠵᠢᠶᠡᠨ ᠤ ᠰᠢᠮ᠎ᠡ ᠲᠡᠵᠢᠭᠡᠯ ᠠᠯᠳᠠᠭᠳᠠᠬᠤ ᠪᠠᠷ ᠪᠠᠷᠠᠬᠤ ᠦᠭᠡᠢ᠂ ᠪᠠᠰᠠ ᠠᠮᠠᠷᠬᠠᠨ ᠪᠠᠺᠲ᠋ᠧᠷᠢ ᠡᠭᠦᠰᠦᠨ᠎ᠡ᠂ ᠬᠤᠳᠣᠭᠤᠳᠣ ᠭᠡᠳᠡᠰᠦᠨ ᠤ ᠠᠵᠢᠯᠯᠠᠭ᠎ᠠ ᠤᠤᠯ ᠠᠴᠠ ᠪᠠᠨ ᠪᠠᠭᠤᠷᠠᠶ ᠪᠠᠶᠢᠳᠠᠭ ᠬᠥᠮᠦᠨ ᠢᠳᠡᠭᠰᠡᠨ ᠤ ᠳᠠᠷᠠᠭ᠎ᠠ ᠠᠮᠠᠷᠬᠠᠨ ᠰᠠᠭᠤᠯᠭᠠᠨ᠎ᠠ︔ ᠨᠥᠭᠦᠭᠡ ᠲᠠᠯ᠎ᠠ ᠪᠠᠷ᠂ ᠬᠤᠨᠤᠭ ᠥᠨᠵᠢᠭᠰᠡᠨ ᠨᠣᠭᠤᠭ᠎ᠠ ᠶᠢ ᠬᠡᠲᠦ ᠤᠳᠠᠭᠠᠨ ᠲᠠᠯᠪᠢᠪᠠᠯ ᠳᠤᠲᠠᠭᠤ ᠠᠽᠣᠲ ᠬᠦᠴᠢᠯ ᠤᠨ ᠳᠠᠪᠤᠰᠤ ᠡᠭᠦᠰᠦᠨ᠎ᠡ᠂ ᠲᠡᠷᠡ ᠨᠢ ᠬᠤᠳᠣᠭᠤᠳᠣᠨ ᠳᠤ ᠣᠷᠣᠪᠠᠯ ᠤᠭᠤᠷᠠᠭ ᠲᠠᠢ ᠤᠷᠪᠠᠯ ᠡᠭᠦᠰᠴᠦ ᠥᠮᠡᠨ ᠡᠭᠦᠰᠭᠡᠬᠦ ᠣᠶᠢᠯᠡᠳᠣᠯ ᠲᠠᠢ ᠳᠤᠲᠠᠭᠤ ᠠᠽᠣᠲ ᠠᠮᠢᠨ ᠡᠭᠦᠰᠦᠨ᠎ᠡ᠂ ᠣᠷᠳᠣ ᠬᠤᠭᠤᠴᠠᠭ᠎ᠠ ᠪᠠᠷ ᠢᠳᠡᠪᠡᠯ ᠡᠰ ᠤᠨ ᠭᠡᠨᠡᠳᠲᠡ ᠶᠢᠨ ᠬᠤᠪᠢᠷᠠᠯᠲᠠ ᠶᠢ ᠡᠭᠦᠰᠭᠡᠵᠦ᠂ ᠬᠤᠳᠣᠭᠤᠳᠣᠨ ᠥᠮᠡᠨ ᠢ ᠡᠭᠦᠰᠭᠡᠵᠦ ᠮᠡᠳᠡᠨ᠎ᠡ᠃      ᠢᠯᠠᠩᠭᠤᠶ᠎ᠠ ᠡᠨᠡ 4 ᠵᠦᠢᠯ ᠤᠨ ᠬᠤᠨᠤᠭ ᠥᠨᠵᠢᠭᠰᠡᠨ ᠨᠣᠭᠤᠭ᠎ᠠ ᠶᠢ ᠢᠳᠡᠵᠦ ᠪᠠᠷᠠᠬᠤ ᠦᠭᠡᠢ ᠪᠣᠯ ᠬᠠᠶᠠᠬᠤ ᠬᠡᠷᠡᠭᠲᠠᠢ᠃      1 . ᠬᠤᠨᠤᠭ ᠥᠨᠵᠢᠭᠰᠡᠨ ᠨᠣᠭᠤᠭᠠᠨ ᠨᠠᠪᠴᠢᠲᠤ ᠨᠣᠭᠤᠭ᠎ᠠ᠄ ᠢᠳᠡᠰᠢᠨ ᠨᠣᠭᠤᠭ᠎ᠠ ᠶᠢ ᠤᠳᠠᠭᠠᠨ ᠲᠠᠯᠪᠢᠬᠤ ᠪᠠ ᠳᠠᠬᠢᠨ ᠬᠠᠯᠠᠭᠠᠬᠤ ᠳᠤ ᠸᠢᠲ᠋ᠠᠮᠢᠨ᠂ ᠨᠠᠪᠴᠢᠨ ᠤ ᠨᠣᠭᠤᠭᠠᠨ ᠡᠳ᠋ ᠵᠡᠷᠭᠡ ᠰᠢᠮ᠎ᠡ ᠲᠡᠵᠢᠭᠡᠯ ᠠᠷᠪᠢᠨ ᠠᠯᠳᠠᠭᠳᠠᠵᠤ ᠂ ᠠᠮᠲᠠ ᠶᠢᠨ ᠬᠤᠪᠢᠷᠠᠯᠲᠠ ᠶᠡᠭᠡ ᠪᠥᠭᠡᠳ ᠪᠠᠰᠠ ᠠᠮᠠᠷᠬᠠᠨ ᠴᠢᠨᠠᠷ ᠬᠤᠪᠢᠷᠠᠳᠠᠭ︔ ᠲᠡᠶᠢᠮᠦ ᠮᠥᠷᠲᠡᠭᠡᠨ ᠮᠢᠬᠠᠨ ᠤ ᠲᠥᠷᠥᠯ᠂ ᠵᠢᠮᠢᠰ ᠵᠡᠷᠭᠡ ᠢᠳᠡᠭᠡᠨ ᠲᠠᠢ ᠬᠠᠷᠢᠴᠠᠭᠤᠯᠪᠠᠯ᠂ ᠨᠣᠭᠤᠭᠠᠨ ᠨᠠᠪᠴᠢᠲᠤ ᠨᠣᠭᠤᠭ᠎ᠠ ᠶᠢᠨ ᠲᠣᠰ ᠪᠡᠶ᠎ᠡ ᠶᠢᠨ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠂ ᠴᠢᠨᠠᠵᠤ ᠪᠣᠯᠭᠤᠭᠰᠠᠨ ᠤ ᠳᠠᠷᠠᠭ᠎ᠠ ᠬᠡᠷᠪᠡ ᠲᠠᠯᠪᠢᠬᠤ ᠴᠠᠭ ᠨᠢ ᠬᠡᠲᠦᠷᠬᠡᠶ ᠣᠷᠳᠣ ᠪᠣᠯᠪᠠᠯ᠂ ᠪᠠᠺᠲ᠋ᠧᠷᠢ ᠶᠢᠨ ᠵᠠᠳᠠᠷᠠᠬᠤ ᠦᠶ᠋ᠯᠡᠳᠦᠯ ᠳᠤᠤᠷ᠎ᠠ᠂ ᠠᠽᠣᠲ ᠬᠦᠴᠢᠯ ᠤᠨ ᠳᠠᠪᠤᠰᠤ ᠨᠢ ᠪᠠᠰᠠ ᠳᠤᠲᠠᠮᠠᠭ ᠠᠽᠣᠲ ᠬᠦᠴᠢᠯ ᠤᠨ ᠳᠠᠪᠤᠰᠤ ᠪᠣᠯᠤᠨ ᠠᠩᠭᠢᠵᠢᠷᠠᠭᠤᠯᠤᠭᠳᠠᠵᠤ᠂ ᠪᠡᠶ᠎ᠡ ᠶᠢᠨ ᠡᠷᠡᠭᠦᠯ ᠮᠡᠨᠳᠦ ᠳᠤ ᠠᠰᠢᠭ ᠥᠬᠡᠶ ᠶᠤᠮ᠃ ᠬᠡᠷᠪᠡ ᠬᠠᠳᠠᠭᠠᠯᠠᠬᠤ ᠨᠢ ᠵᠣᠬᠢᠰ ᠦᠭᠡᠢ ᠪᠣᠯ ᠳᠤᠲᠠᠭᠤ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠨᠢ ᠪᠠᠰᠠ ᠪᠠᠷᠢᠮᠵᠢᠶ᠎ᠠ ᠠᠴᠠ ᠬᠡᠲᠦᠷᠡᠵᠦ ᠮᠡᠳᠡᠨ᠎ᠡ᠃    2 . ᠬᠤᠨᠤᠭ ᠥᠨᠵᠢᠭᠰᠡᠨ ᠳᠠᠯᠠᠢ ᠶᠢᠨ ᠢᠳᠡᠭᠡᠨ᠄ ᠨᠠᠢᠮᠠᠯᠵᠢ᠂ ᠵᠢᠭᠠᠰᠤᠨ ᠤ ᠵᠦᠢᠯ᠂ ᠰᠠᠮ ᠬᠤᠷᠣᠬᠠᠢ ᠶᠢᠨ ᠵᠦᠢᠯ ᠵᠡᠷᠭᠡ ᠳᠠᠯᠠᠢ ᠶᠢᠨ ᠢᠳᠡᠭᠡᠨ ᠪᠣᠯ ᠴᠥᠮ ᠤᠭᠤᠷᠠᠭ ᠶᠡᠬᠡᠲᠡᠢ ᠢᠳᠡᠭᠡᠨ ᠮᠥᠨ᠂ ᠬᠡᠷᠪᠡ ᠲᠤᠬᠠᠢ ᠶᠢᠨ ᠡᠳᠦᠷ ᠢᠳᠡᠵᠦ ᠪᠠᠷᠠᠭᠠᠳᠤᠢ ᠪᠠᠷ ᠰᠥᠨᠢ ᠥᠨᠵᠢᠵᠦ ᠢᠳᠡᠪᠡᠯ᠂ ᠤᠭᠤᠷᠠᠭ ᠵᠠᠳᠠᠷᠠᠭᠰᠠᠨ ᠪᠣᠳᠠᠰ ᠡᠭᠦᠰᠴᠦ ᠮᠡᠳᠡᠨ᠎ᠡ᠂ ᠬᠤᠳᠣᠭᠤᠳᠣ ᠭᠡᠳᠡᠰᠦᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠣ ᠭᠡᠳᠡᠰᠦᠨ ᠤ ᠡᠪ ᠦᠭᠡᠢ ᠪᠠᠶᠢᠳᠠᠯ ᠢ ᠡᠭᠦᠰᠭᠡᠵᠦ ᠮᠡᠳᠡᠨ᠎ᠡ᠂ ᠪᠠᠰᠠ ᠡᠯᠢᠭᠡ ᠪᠥᠭᠡᠷᠡᠨ ᠤ ᠠᠵᠢᠯᠯᠠᠭ᠎ᠠ ᠶᠢ ᠠᠮᠠᠷᠬᠠᠨ ᠭᠡᠮᠲᠦᠭᠡᠨ᠎ᠡ᠃    3 . ᠬᠤᠨᠤᠭ ᠥᠨᠵᠢᠭᠰᠡᠨ ᠮᠥᠩᠭᠦᠨ ᠳᠡᠯᠳᠡᠦ ᠶᠢᠨ ᠮᠥᠭᠦ᠄ ᠬᠡᠷ ᠳᠣᠲᠣᠷ᠎ᠠ ᠳᠠᠷᠢᠭᠰᠠᠨ ᠮᠥᠩᠭᠦᠨ ᠳᠡᠯᠳᠡᠦ ᠪᠤᠶᠤ ᠬᠡᠭᠡᠷ᠎ᠡ ᠭᠠᠳᠠᠭ᠎ᠠ ᠳᠠᠷᠢᠭᠰᠠᠨ ᠮᠥᠩᠭᠦᠨ ᠳᠡᠯᠳᠡᠦ ᠵᠢᠴᠢ ᠮᠥᠭᠦ ᠶᠢᠨ ᠲᠥᠷᠥᠯ ᠭᠡᠰᠡᠨ ᠥᠬᠡᠶ᠂ ᠠᠽᠣᠲ ᠬᠦᠴᠢᠯ ᠤᠨ ᠳᠠᠪᠤᠰᠤ ᠶᠢ ᠨᠡᠯᠢᠶᠡᠳ ᠠᠷᠪᠢᠨ ᠠᠭᠤᠯᠤᠭᠰᠠᠨ ᠢᠳᠡᠭᠡᠨ ᠳᠤ ᠬᠠᠷᠢᠶᠠᠯᠠᠭᠳᠠᠨ᠎ᠠ᠂ ᠴᠢᠨᠠᠵᠤ ᠪᠤᠯᠭᠤᠭᠰᠠᠨ ᠤ ᠳᠠᠷᠠᠭ᠎ᠠ ᠬᠡᠷᠪᠡ ᠨᠡᠯᠢᠶᠡᠳ ᠣᠷᠳᠣ ᠬᠤᠭᠤᠴᠠᠭ᠎ᠠ ᠲᠠᠯᠪᠢᠪᠠᠯ᠂ ᠪᠠᠺᠲ᠋ᠧᠷᠢ ᠵᠠᠳᠠᠷᠠᠬᠤ ᠦᠶ᠎ᠡ ᠳᠤ᠂ ᠠᠽᠣᠲ ᠬᠦᠴᠢᠯ ᠤᠨ ᠳᠠᠪᠤᠰᠤ ᠨᠢ ᠳᠤᠲᠠᠭᠤ ᠠᠽᠣᠲ ᠬᠦᠴᠢᠯ ᠤᠨ ᠳᠠᠪᠤᠰᠤ ᠪᠣᠯᠵᠣ᠂ ᠳᠤᠲᠠᠭᠤ ᠠᠽᠣᠲ ᠬᠦᠴᠢᠯ ᠤᠨ ᠳᠠᠪᠤᠰᠤ ᠶᠢ ᠶᠡᠭᠡ ᠬᠡᠮᠵᠢᠶ᠎ᠡ ᠪᠠᠷ ᠢᠳᠡᠪᠡᠯ ᠥᠮᠡᠨ ᠪᠣᠯᠵᠣ᠂ ᠪᠠᠰᠠ ᠤᠯᠠᠭᠠᠨ ᠡᠰ ᠤᠨ ᠢᠳᠡᠪᠬᠢ ᠴᠢᠨᠠᠷ ᠢ ᠪᠠᠭᠤᠷᠠᠭᠤᠯᠵᠤ᠂ ᠬᠦᠴᠢᠯᠲᠥ᠋ᠷᠥᠭᠴᠢ ᠳᠤᠲᠠᠭᠳᠠᠬᠤ ᠪᠠ ᠴᠢᠰᠤ ᠳᠤᠲᠠᠬᠤ ᠶᠢ ᠡᠭᠦᠰᠭᠡᠵᠦ᠂ ᠡᠷᠡᠭᠦᠯ ᠮᠡᠨᠳᠦ ᠳᠤ ᠠᠰᠢᠭ ᠥᠬᠡᠶ ᠪᠠᠶᠢᠳᠠᠭ᠃    4 . ᠬᠤᠨᠤᠭ ᠥᠨᠵᠢᠭᠰᠡᠨ ᠲᠥᠮᠥᠰᠥ᠂ ᠴᠤᠯᠤ ᠲᠥᠮᠥᠰᠥ᠂ ᠮᠠᠨᠲᠠᠤ᠂ ᠲᠥᠮᠥᠰᠥ᠃ ᠡᠳᠡᠭᠡᠷ ᠶᠠᠭᠤᠮ᠎ᠠ ᠶᠢ ᠳᠡᠭᠡᠷ᠎ᠡ ᠴᠠᠭ ᠢᠳᠡᠵᠦ ᠪᠠᠷᠠᠬᠤ ᠦᠭᠡᠢ ᠪᠣᠯ ᠳᠠᠷᠠᠭ᠎ᠠ ᠴᠠᠭ ᠢᠳᠡᠵᠦ ᠪᠣᠯᠤᠨ᠎ᠠ᠂ ᠭᠡᠪᠡᠴᠦ ᠬᠠᠮᠤᠭ ᠰᠠᠶᠢᠨ ᠨᠢ ᠰᠥᠨᠢ ᠥᠨᠵᠢᠵᠦ ᠢᠳᠡᠵᠦ ᠪᠣᠯᠬᠤ ᠦᠭᠡᠢ᠂ ᠬᠡᠷᠪᠡ ᠰᠥᠨᠢ ᠥᠨᠵᠢᠪᠡᠯ ᠪᠢᠲᠡᠭᠦᠮᠵᠢᠯᠡᠬᠦ ᠬᠥᠯᠳᠡᠭᠡᠬᠦ ᠬᠡᠷᠡᠭᠲᠡᠶ᠃        
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号