ᠰᠡᠷᠡᠮᠵᠢᠯᠡ︕ ᠡᠳᠡᠭᠡᠷ ᠭᠤᠶᠣᠯᠠᠯ ᠤᠨ ᠡᠳ᠋ ᠪᠠᠷᠢᠮᠵᠢᠶ᠎ᠠ ᠳᠤ ᠨᠡᠶᠢᠴᠡᠬᠦ ᠦᠭᠡᠢ᠂ ᠲᠠ ᠬᠡᠷᠡᠭᠯᠡᠵᠦ ᠪᠠᠶᠢᠭ᠎ᠠ ᠮᠠᠭᠠᠳ ᠦᠭᠡᠢ ᠰᠢᠦ
ᠨᠡᠶᠢᠲᠡᠯᠡᠭᠰᠡᠨ ᠴᠠᠭ᠄
2023/1/30
   ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠬᠡᠨ ᠵᠠᠷᠯᠠᠯ ᠨᠡᠶᠢᠲᠡᠯᠡᠵᠦ᠂ 2022 ᠣᠨ ᠤ ᠤᠯᠤᠰ ᠤᠨ ᠭᠤᠶᠣᠯᠠᠯ ᠤᠨ ᠡᠳ᠋ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠤᠨ ᠳᠤᠮᠳᠠ᠂ ᠭᠤᠸᠠᠩᠳᠦ᠋ᠩ ᠮᠤᠵᠢ ᠶᠢᠨ ᠡᠮ ᠤᠨ ᠵᠦᠢᠯ ᠢ ᠰᠢᠯᠭᠠᠨ ᠪᠠᠶᠢᠴᠠᠭᠠᠬᠤ ᠭᠠᠵᠠᠷ ᠵᠡᠷᠭᠡ ᠨᠢᠭᠡᠴᠡ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠭᠠᠳ᠂ ᠭᠤᠸᠠᠩᠵᠧᠦ ᠬᠤᠲᠠ ᠶᠢᠨ ᠰᠠᠨ ᠷᠦᠩ ᠭᠤᠶᠣᠯᠠᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠦᠢᠯᠡᠳᠬᠦᠨ ᠤ ᠱᠣᠰᠢᠭ᠎ᠠ ᠲᠡᠮᠳᠡᠭ ᠨᠢ ᠸᠧᠶᠢᠫᠢᠨ ᠭᠡᠵᠢᠭᠡᠨ ᠪᠤᠳᠤᠭ ︵ᠺᠤᠹᠧ ᠶᠢᠨ ᠥᠩᠭᠡ︶ ᠭᠡᠳᠡᠭ ᠦᠢᠯᠡᠳᠬᠦᠨ ᠵᠡᠷᠭᠡ 56 ᠪᠦᠯᠦᠭ ᠤᠳᠠᠭ᠎ᠠ ᠶᠢᠨ ᠭᠤᠶᠣᠯᠠᠯ ᠤᠨ ᠡᠳ᠋ ︵ᠶᠠᠭᠤᠣ ᠪᠠᠭᠲᠠᠨ᠎ᠠ᠂ ᠳᠣᠷᠣᠭᠰᠢ ᠠᠳᠠᠯᠢ︶ ᠪᠠᠷᠢᠮᠵᠢᠶ᠎ᠠ ᠳᠤ ᠨᠡᠶᠢᠴᠡᠬᠦ ᠥᠬᠡᠶ ᠭᠡᠵᠦ ᠢᠯᠡᠷᠬᠡᠶᠢᠯᠡᠵᠡᠶ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠤᠳᠠᠭᠠᠨ ᠤ ᠵᠠᠷᠯᠠᠯ ᠳᠤ ᠨᠡᠶᠢᠲᠡᠯᠡᠭᠰᠡᠨ 56 ᠪᠦᠯᠦᠭ ᠤᠳᠠᠭ᠎ᠠ ᠶᠢᠨ ᠪᠠᠷᠢᠮᠵᠢᠶ᠎ᠠ ᠳᠤ ᠥᠯᠥ ᠨᠡᠶᠢᠴᠡᠬᠦ ᠭᠤᠶᠣᠯᠠᠯ ᠤᠨ ᠡᠳ᠋ ᠤᠨ ᠣᠯᠠᠩᠬᠢ ᠨᠢ ᠭᠡᠵᠢᠭᠡ ᠪᠤᠳᠤᠬᠤ᠂ ᠭᠡᠵᠢᠭᠡ ᠤᠬᠢᠶᠠᠬᠤ᠂ ᠭᠡᠵᠢᠭᠡ ᠬᠠᠮᠠᠭᠠᠯᠠᠬᠤ᠂ ᠨᠠᠷᠠᠨ ᠳᠤ ᠰᠢᠷᠠᠭᠳᠠᠬᠤ ᠠᠴᠠ ᠰᠡᠷᠭᠡᠶᠢᠯᠡᠬᠦ ᠪᠠ ᠶᠠᠭᠤᠣ ᠶᠢᠨ ᠲᠥᠷᠥᠯ ᠤᠨ ᠦᠢᠯᠡᠳᠬᠦᠨ ᠪᠣᠯᠤᠨ᠎ᠠ᠂ ᠰᠤᠭᠤᠴᠢᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠤᠯ ᠠᠰᠠᠭᠤᠳᠠᠯ ᠪᠣᠯ ᠪᠦᠷᠢᠯᠳᠦᠬᠦᠨ ᠤ ᠬᠠᠷᠢᠴᠠᠯ᠂ ᠪᠠᠺᠲ᠋ᠧᠷᠢ ᠶᠢᠨ ᠪᠥᠭᠡᠮᠨᠡᠷᠡᠯ ᠤᠨ ᠶᠡᠷᠦᠩᠬᠡᠶ ᠲᠤᠭ᠎ᠠ ᠵᠡᠷᠭᠡ ᠨᠢ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠨ᠎ᠠ᠃ ᠡᠭᠦᠨ ᠳᠤ ᠺᠧ ᠰᠧ ᠮᠧᠶ ᠱᠢ ︵ᠳᠤᠮᠳᠠᠳᠤ ᠤᠯᠤᠰ︶ ᠭᠤᠶᠣᠯᠠᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠣᠯᠠᠨ ᠦᠢᠯᠡᠳᠦᠯᠳᠦ ᠨᠢᠭᠤᠷ ᠢ ᠴᠠᠶᠢᠷᠠᠭᠤᠯᠬᠤ ᠨᠡᠷᠡᠨ ᠳᠤ ᠰᠢᠷᠠᠭᠳᠠᠬᠤ ᠶᠢ ᠰᠡᠷᠭᠡᠶᠢᠯᠡᠬᠦ ᠰᠦᠷᠴᠢᠮᠡᠯ ᠭᠡᠳᠡᠭ ᠱᠣᠰᠢᠭ᠎ᠠ ᠲᠡᠮᠳᠡᠭ ᠲᠠᠢ ᠦᠢᠯᠡᠳᠬᠦᠨ ᠢ ᠪᠠᠶᠢᠴᠠᠭᠠᠬᠰᠠᠨ ᠳᠤ ᠪᠦᠷᠢᠯᠳᠦᠬᠦᠨ ᠤ ᠬᠠᠷᠢᠴᠠᠯ ᠨᠢ ᠪᠠᠷᠢᠮᠵᠢᠶ᠎ᠠ ᠳᠤ ᠨᠡᠶᠢᠴᠡᠬᠦ ᠥᠬᠡᠶ ᠪᠠᠶᠢᠨ᠎ᠠ︔ ᠺᠧ ᠮᠠ ᠭᠤᠶᠣᠯᠠᠯ ᠤᠨ ᠡᠳ᠋ ︵ᠪᠡᠭᠡᠵᠢᠩ︶ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠨᠢᠦ᠋ ᠰᠢ ᡁᠢ ᠮᠢ ᠭᠡᠳᠡᠭ ᠱᠣᠰᠢᠭ᠎ᠠ ᠲᠡᠮᠳᠡᠭ ᠲᠠᠢ ᠡᠳᠦᠷ ᠲᠤᠲᠤᠮ ᠤᠨ ᠨᠠᠷᠠᠨ ᠳᠤ ᠰᠢᠷᠠᠭᠳᠠᠬᠤ ᠠᠴᠠ ᠰᠡᠷᠭᠡᠶᠢᠯᠡᠬᠦ ᠲᠣᠰᠣ SPF32PA + + ᠶᠢ ᠪᠠᠶᠢᠴᠠᠭᠠᠬᠰᠠᠨ ᠳᠤ ᠪᠦᠷᠢᠯᠳᠦᠬᠦᠨ ᠤ ᠬᠠᠷᠢᠴᠠᠯ ᠨᠢ ᠪᠠᠷᠢᠮᠵᠢᠶ᠎ᠠ ᠳᠤ ᠨᠡᠶᠢᠴᠡᠬᠦ ᠥᠬᠡᠶ ᠪᠠᠶᠢᠨ᠎ᠠ︔ ᠵᠠᠩᠵᠸᠦ ᠶᠢᠨ ᠫᠢᠶᠠᠨ ᠽᠠᠢ ᠬᠤᠸᠠᠩ ᠱᠠᠩᠬᠠᠶ ᠶᠢᠨ ᠵᠢᠶᠠ ᠬᠤᠸᠠ ᠠᠮᠠᠨ ᠬᠥᠨᠳᠡᠶ ᠶᠢᠨ ᠰᠤᠪᠢᠯᠠᠯᠲᠠ ᠶᠢᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠫᠢᠶᠠᠨ ᠽᠠᠢ ᠬᠤᠸᠠᠩ ᠭᠡᠳᠡᠭ ᠱᠣᠰᠢᠭ᠎ᠠ ᠲᠡᠮᠳᠡᠭ ᠲᠠᠢ ᠬᠠᠷᠰᠢᠮᠠᠲᠠᠭᠠᠶ ᠶᠢ ᠡᠰᠡᠷᠭᠦᠴᠡᠬᠦ ᠲᠤᠰᠬᠠᠶ ᠦᠢᠯᠡᠳᠦᠯ ᠪᠥᠬᠦᠶ ᠶᠠᠭᠤᠤ ︵ᠱᠤ᠋ ᠼᠦᠢ ᠼᠤᠤ ᠪᠧᠨ︶ ᠶᠢ ᠪᠠᠶᠢᠴᠠᠭᠠᠭᠰᠠᠨ ᠳᠤ ᠪᠠᠺᠲ᠋ᠧᠷᠢ ᠶᠢᠨ ᠪᠥᠭᠡᠮᠨᠡᠷᠡᠯ ᠤᠨ ᠶᠡᠷᠦᠩᠬᠡᠶ ᠲᠤᠭ᠎ᠠ ᠨᠢ ᠪᠠᠷᠢᠮᠵᠢᠶ᠎ᠠ ᠳᠤ ᠨᠡᠶᠢᠴᠡᠬᠦ ᠥᠬᠡᠶ ᠪᠠᠶᠢᠨ᠎ᠠ ᠭᠡᠵᠦ ᠢᠯᠡᠷᠬᠡᠶᠢᠯᠡᠵᠡᠶ᠃  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号