ᠦᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠬᠠᠮᠳᠤᠷᠠᠨ ᠨᠡᠶᠢᠳᠡᠯᠡᠭᠰᠡᠨ | ︽2022 ᠤᠨ ᠤ ᠦᠪᠦᠷ ᠮᠤᠩᠭᠤᠯ ᠤᠨ ᠠᠷᠠᠳ ᠤᠨ ᠡᠵᠡᠩᠨᠡᠯᠳᠡ ᠶᠢᠨ 100 ᠬᠦᠴᠦᠷᠭᠡᠭ ᠠᠵᠦ ᠠᠬᠤᠶᠢᠯᠠᠯ︾ | ᠤᠨ ᠨᠡᠷᠡᠰ ᠤᠨ ᠵᠢᠭᠰᠠᠭᠠᠯᠳᠠ ᠳᠤ᠂ ᠮᠠᠨ ᠤ ᠠᠶᠢᠮᠠᠭ ᠤᠨ ᠠᠷᠠᠳ ᠤᠨ ᠡᠵᠡᠩᠨᠡᠯᠳᠡ ᠶᠢᠨ ᠠᠵᠦ ᠠᠬᠤᠶᠢᠯᠠᠯ — | ᠵᠢᠩ ᠶᠧ ᠪᠦᠯᠦᠭᠯᠡᠯ ᠤᠨ ᠤᠯᠠᠭᠠᠨᠬᠤᠳᠠ ᠪᠤᠯᠤᠳ ᠲᠡᠮᠦᠷ ᠤᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ 73.58 | ᠳ᠋ᠦᠩᠰᠢᠭᠤᠷ ᠲᠦᠭᠦᠷᠢᠭ ᠤᠨ ᠡᠵᠡᠩᠨᠡᠯᠳᠡ ᠶᠢᠨ ᠤᠷᠤᠯᠭ᠎ᠠ ᠪᠠᠷ ᠢᠶᠠᠨ ︽2022 ᠤᠨ ᠤ ᠦᠪᠦᠷ ᠮᠤᠩᠭᠤᠯ ᠤᠨ | ᠠᠷᠠᠳ ᠤᠨ ᠡᠵᠡᠩᠨᠡᠯᠳᠡ ᠶᠢᠨ 100 ᠬᠦᠴᠦᠷᠭᠡᠭ ᠠᠵᠦ ᠠᠬᠤᠶᠢᠯᠠᠯ︾ ᠤᠨ ᠨᠡᠷᠡᠰ ᠤᠨ ᠵᠢᠭᠰᠠᠭᠠᠯᠳᠠ ᠳᠤ | ᠲᠤᠳᠤᠷᠠᠵᠦ᠂ 2020 ᠤᠨ ᠠᠴᠠ ᠨᠠᠭᠠᠰᠢ ᠭᠤᠷᠪᠠᠨ ᠵᠢᠯ ᠲᠠᠷᠠᠭᠠᠯᠠᠨ ︽ᠦᠪᠦᠷ ᠮᠤᠩᠭᠤᠯ ᠤᠨ ᠠᠷᠠᠳ ᠤᠨ | ᠡᠵᠡᠩᠨᠡᠯᠳᠡ ᠶᠢᠨ 100 ᠬᠦᠴᠦᠷᠭᠡᠭ ᠠᠵᠦ ᠠᠬᠤᠶᠢᠯᠠᠯ︾ ᠤᠨ ᠨᠡᠷᠡᠰ ᠤᠨ ᠵᠢᠭᠰᠠᠭᠠᠯᠳᠠ ᠳᠤ ᠲᠤᠳᠤᠷᠠᠭᠰᠠᠨ | ᠪᠠᠶᠢᠨ᠎ᠠ᠃ ᠤᠶᠢᠯᠠᠭᠠᠭᠰᠠᠨ ᠢᠶᠠᠷ᠂ 2022 ᠤᠨ ᠤ ᠦᠪᠦᠷ ᠮᠤᠩᠭᠤᠯ ᠤᠨ ᠠᠷᠠᠳ ᠤᠨ ᠡᠵᠡᠩᠨᠡᠯᠳᠡ ᠶᠢᠨ 100 | ᠬᠦᠴᠦᠷᠭᠡᠭ ᠠᠵᠦ ᠠᠬᠤᠶᠢᠯᠠᠯ ᠳᠤ ᠤᠷᠤᠬᠤ ᠪᠤᠱᠤᠭ᠎ᠠ ︵ᠡᠵᠡᠩᠨᠡᠯᠳᠡ ᠶᠢᠨ ᠤᠷᠤᠯᠭ᠎ᠠ︶ ᠨᠢ ᠤᠤᠯ ᠤᠨ 15.29 | ᠳ᠋ᠦᠩᠰᠢᠭᠤᠷ ᠠᠴᠠ ᠨᠡᠮᠡᠭᠳᠡᠨ 20.70 ᠳ᠋ᠦᠩᠰᠢᠭᠤᠷ ᠲᠤ ᠬᠦᠷᠴᠦ᠂ ᠦᠩᠭᠡᠷᠡᠭᠰᠡᠨ ᠵᠢᠯ ᠠᠴᠠ 35.38% ᠪᠠᠷ | ᠲᠡᠭᠡᠭᠰᠢᠯᠡᠪᠡ᠃ ᠥᠩᠭᠡᠷᠡᠭᠰᠡᠨ ᠳᠤ᠂ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠶᠢᠨ ᠲᠤᠨᠤᠭ ᠲᠥᠬᠦᠭᠡᠷᠦᠮᠵᠢ | ᠬᠤᠴᠣᠷᠤᠩᠭᠤᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠲᠤᠪᠤᠶᠢᠮ᠎ᠠ᠂ ᠦᠢᠯᠡᠳᠪᠦᠷᠢᠯᠡᠯ ᠤᠨ | ᠡᠵᠡᠩᠨᠡᠯᠲᠡ ᠬᠦᠴᠢᠷᠲᠡᠢ ᠵᠡᠷᠭᠡ ᠰᠢᠯᠳᠠᠭᠠᠨ ᠠᠴᠠ ᠪᠤᠯᠵᠦ ᠨᠢᠭᠡ ᠦᠶ᠎ᠡ ᠦᠢᠯᠡᠳᠪᠦᠷᠢᠯᠡᠯ ᠢᠶᠠᠨ ᠵᠤᠭᠰᠤᠬᠤ | ᠬᠡᠮᠵᠢᠶᠡᠨ ᠳᠤ ᠬᠦᠷᠦᠭᠰᠡᠨ ᠪᠠᠶᠢᠨ᠎ᠠ᠃ 2014 ᠣᠨ ᠳᠤ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠵᠢᠩ ᠶᠧ | ᠪᠦᠯᠦᠭᠯᠡᠯ ᠳᠤ ᠤᠷᠤᠵᠦ᠂ 50 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠲᠤᠨᠤᠭ | ᠲᠦᠬᠦᠭᠡᠷᠦᠮᠵᠢ ᠪᠠᠨ ᠰᠠᠶᠢᠵᠢᠷᠠᠭᠤᠯᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠰᠠᠶᠢᠳᠤᠷ ᠬᠢᠵᠦ᠂ ᠡᠨᠧᠷᠭᠢ ᠶᠢᠨ | ᠬᠤᠷᠣᠭᠳᠠᠯ ᠢᠶᠠᠷ ᠶᠡᠭᠡ᠂ ᠪᠣᠬᠢᠷᠲᠤᠯ ᠢᠶᠠᠷ ᠶᠡᠭᠡ ᠲᠤᠨᠤᠭ ᠲᠥᠬᠦᠭᠡᠷᠦᠮᠵᠢ ᠶᠢ ᠶᠡᠬᠡᠪᠡᠷ ᠰᠢᠯᠢᠳᠡᠭᠵᠢᠬᠦᠯᠵᠦ᠂ ᠤᠷᠴᠢᠨ | ᠲᠤᠭᠤᠷᠢᠨ ᠤ ᠬᠠᠮᠠᠭᠠᠯᠠᠯᠳᠠ ᠶᠢ ᠰᠠᠶᠢᠳᠤᠷ ᠬᠢᠪᠡ᠃ ᠤᠳᠤᠬᠠᠨ ᠳᠤ᠂ ᠤᠯᠠᠭᠠᠨᠬᠤᠳᠠ ᠪᠤᠯᠤᠳ ᠲᠡᠮᠦᠷ ᠤᠨ | ᠺᠤᠮᠫᠠᠨᠢ ᠶᠢᠨ ᠲᠤᠨᠤᠭ ᠲᠦᠬᠦᠭᠡᠷᠦᠮᠵᠢ ᠶᠢᠨ ᠬᠢᠷᠢ ᠲᠦᠪᠰᠢᠨ ᠪᠣᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠪᠠᠷᠢᠮᠵᠢᠶ᠎ᠠ ᠨᠢ ᠴᠦᠮ ᠤᠯᠤᠰ ᠤᠨ ᠪᠠᠷᠢᠮᠵᠢᠶ᠎ᠠ ᠬᠦᠷᠴᠠᠢ᠃ ᠤᠯᠠᠭᠠᠨᠬᠤᠳᠠ ᠪᠤᠯᠤᠳ ᠲᠡᠮᠦᠷ ᠤᠨ ᠺᠤᠮᠫᠠᠨᠢ ᠶᠢᠨ ᠬᠢᠨ | 2014 ᠤᠨ ᠳᠤ ᠪᠤᠷᠤᠯᠠᠭᠤᠯᠭ᠎ᠠ ᠶᠢᠨ ᠤᠷᠤᠯᠭ᠎ᠠ ᠨᠢ 12.3 ᠳ᠋ᠦᠩᠰᠢᠭᠤᠷ ᠲᠥᠭᠦᠷᠢᠭ ᠲᠤ ᠬᠦᠷᠴᠦ᠂ 724 | ᠲᠦᠮᠡᠨ ᠲᠥᠭᠦᠷᠢᠭ ᠭᠠᠶᠢᠯᠢ ᠲᠤᠰᠢᠶᠠᠵᠤ ᠪᠠᠶᠢᠭᠰᠠᠨ ᠠᠴᠠ ᠪᠠᠨ 2022 ᠣᠨ ᠪᠣᠯᠬᠤ ᠳᠤ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠨᠢ 73.58 ᠳ᠋ᠦᠩᠰᠢᠭᠤᠷ ᠲᠦᠭᠦᠷᠢᠭ ᠲᠤ ᠬᠦᠷᠦᠭᠰᠠᠨ ᠪᠠᠶᠢᠨ᠎ᠠ᠃ ︵ᠭᠤᠤᠯᠴᠢ ᠬᠠᠨ | ᠢᠤᠢ ᠭᠧ︶ | |