1 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠬᠢᠩᠭᠠᠨ ᠢᠯᠢ ᠰᠦ ᠶᠢᠨ ᠦᠢᠯᠡᠰ ᠤᠨ ᠪᠦᠷᠢᠨ | ᠪᠤᠰᠤ ᠬᠠᠷᠢᠭᠤᠴᠠᠯᠭᠠᠲᠤ ᠺᠣᠮᠫᠠᠨᠢ ᠰᠢᠩᠭᠡᠨ ᠲᠤᠯᠤᠪᠲᠤ ᠰᠦ ᠶᠢᠨ ᠠᠵᠢᠯ ᠲᠥᠷᠥᠯ ᠤᠨ ︽5G + ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠬᠡᠷᠡᠭᠯᠡᠭᠡᠨ ᠤ ᠣᠶᠤᠨᠴᠢ ᠦᠢᠯᠡᠳᠬᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠵᠦᠢᠯᠡᠰ ᠤᠨ ᠨᠢᠭᠡᠳᠦᠭᠡᠷ ᠬᠤᠭᠤᠴᠠᠭᠠᠨ ᠤ ᠲᠦᠷᠦᠭᠦᠤ ᠪᠦᠯᠦᠭ ᠤᠨ 4 | ᠦᠢᠯᠡᠳᠪᠦᠷᠢᠯᠡᠯ ᠤᠨ ᠱᠤᠭᠤᠮ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ | ᠬᠢᠩᠭᠠᠨ ᠤ ᠢᠯᠢ ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ᠂ ᠵᠢᠩᠬᠢᠨᠢ ᠪᠠᠷ ᠠᠰᠢᠭᠯᠠᠯᠲᠠ ᠳᠤ | ᠤᠷᠤᠭᠰᠠᠨ ᠦᠢᠯᠡᠳᠪᠦᠷᠢᠯᠡᠯ ᠤᠨ ᠱᠤᠭᠤᠮ ᠳᠡᠭᠡᠷ᠎ᠡ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠪᠠᠶᠢᠵᠤ᠂ | ᠠᠵᠢᠯᠴᠢᠳ ᠶᠠᠭ ᠶᠢᠨ ᠳ᠋ᠢᠶᠠᠨ ᠦᠨᠢᠶᠡᠨ ᠰᠦ ᠪᠣᠯᠪᠠᠰᠤᠷᠠᠭᠤᠯᠬᠤ ᠤᠷ᠎ᠠ ᠮᠡᠷᠭᠡᠵᠢᠯ ᠵᠢᠴᠢ ᠠᠯᠬᠤᠮ ᠳᠠᠷᠠᠭ᠎ᠠ ᠪᠠᠷ | ᠡᠯ᠎ᠡ ᠭᠤᠭᠴᠤᠭ᠎ᠠ ᠶᠢ ᠠᠵᠢᠯᠯᠠᠭᠤᠯᠵᠤ ᠪᠠᠶᠢᠯ᠎ᠠ᠃ ︽ᠪᠣᠬᠢᠷᠲᠤᠯ ᠥᠬᠡᠶ ᠣᠶᠤᠨᠴᠢ︾ ᠦᠢᠯᠡᠳᠪᠦᠷᠢᠯᠡᠯ ᠤᠨ | ᠶᠠᠪᠤᠴᠠ᠂ ᠰᠢᠨ᠎ᠡ ᠶᠢ ᠡᠭᠦᠳᠬᠦ᠂ ᠲᠣᠭᠠᠴᠢᠯᠠᠭᠰᠠᠨ ᠮᠡᠷᠭᠡᠵᠢᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ | ᠪᠠᠷᠢᠯ ᠢ ᠠᠳᠡ ᠬᠡᠷᠡᠭᠯᠡᠵᠦ᠂ ᠪᠠᠷᠢᠮᠵᠢᠶᠠᠵᠢᠭᠤᠯᠬᠤ᠂ ᠬᠡᠲᠦ ᠥᠨᠳᠥᠷ ᠳᠤᠯᠠᠭᠠᠨ᠂ ᠪᠠᠺᠲ᠋ᠧᠷᠢ ᠥᠬᠡᠶ ᠪᠠᠷ ᠰᠠᠪᠠᠯᠠᠬᠤ | ᠵᠡᠷᠭᠡ ᠭᠤᠭᠴᠤᠭ᠎ᠠ ᠪᠠᠷ ᠳᠡᠮᠵᠢᠨ᠂ ᠲᠡᠯᠭᠡᠭᠦᠷ ᠠᠴᠠ ᠬᠤᠳᠠᠯᠳᠤᠨ ᠠᠪᠴᠤ ᠪᠠᠶᠢᠭ᠎ᠠ ᠶᠢᠨ ᠳ᠋ᠢᠶᠠᠨ᠂ ᠢᠯᠢ ᠶᠢᠨ | ᠴᠡᠪᠡᠷ ᠦᠨᠢᠶᠡᠨ ᠰᠦ ᠨᠢ ᠬᠢᠩᠭᠠᠨ ᠠᠶᠢᠮᠠᠭ ᠤᠨ ᠰᠦ ᠶᠢᠨ ᠢᠷᠡᠯᠲᠡ ᠶᠢᠨ ᠭᠠᠵᠠᠷ ᠠᠴᠠ ᠦᠢᠯᠡᠳᠪᠦᠷᠢᠯᠡᠵᠦ | ᠭᠠᠷᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠨᠢᠭᠡᠳᠦᠭᠡᠷ ᠬᠤᠭᠤᠴᠠᠭᠠᠨ ᠤ ᠲᠦᠷᠦᠭᠦᠤ ᠪᠦᠯᠦᠭ ᠤᠨ 4 ᠵᠦᠢᠯ ᠤᠨ | ᠦᠢᠯᠡᠳᠪᠦᠷᠢᠯᠡᠯ ᠤᠨ ᠱᠤᠭᠤᠮ ᠳᠤ ᠭᠤᠤᠯᠳᠠᠭᠤ ᠶᠢᠨ ᠳ᠋ᠢᠶᠠᠨ᠂ ᠢᠯᠢ ᠶᠢᠨ ᠦᠨᠢᠶᠡᠨ ᠰᠦ ᠵᠡᠷᠭᠡ ᠦᠢᠯᠡᠳᠭᠦᠨ ᠢ | ᠦᠢᠯᠡᠳᠪᠦᠷᠢᠯᠡᠵᠦ᠂ 3 ᠳ᠋ᠤᠭᠠᠷ ᠰᠠᠷ᠎ᠠ ᠪᠣᠯᠬᠤ ᠳᠤ ᠡᠳᠦᠷ ᠤᠨ ᠭᠠᠷᠤᠯᠲᠠ ᠶᠢ 600 ᠲᠣᠨ ᠳᠤ ᠬᠦᠷᠭᠡᠬᠦ ᠪᠠᠷ | ᠴᠢᠷᠮᠠᠶᠢᠵᠤ᠂ ᠪᠥᠬᠦ ᠵᠢᠯ ᠳᠤ ᠵᠢᠱᠢᠯᠲᠡ ᠪᠠᠷ 10 ᠲᠦᠮᠡᠨ ᠲᠣᠨ ᠦᠢᠯᠡᠳᠪᠦᠷᠢᠯᠡᠵᠦ᠂ ᠵᠢᠯ ᠤᠨ ᠦᠢᠯᠡᠳᠭᠦᠨ ᠤ | ᠥᠷᠲᠡᠭ ᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ 500 ᠬᠥᠮᠦᠨ ᠤ ᠰᠢᠭᠤᠳ ᠠᠵᠢᠯ | ᠣᠯᠭᠤᠯᠲᠠ ᠶᠢ ᠳᠠᠶᠢᠴᠢᠯᠠᠨ᠂ ᠬᠢᠩᠭᠠᠨ ᠠᠶᠢᠮᠠᠭ ᠤᠨ 7 ᠮᠠᠯᠵᠢᠯ ᠤᠨ ᠲᠠᠯᠠᠪᠠᠶ ᠶᠢ ᠵᠡᠷᠭᠡᠪᠡᠷ ᠲᠦᠷᠭᠡᠨ ᠬᠥᠭᠵᠢᠭᠦᠯᠵᠦ | ᠂ ᠪᠥᠬᠦ ᠠᠵᠤ ᠦᠢᠯᠡᠰ ᠤᠨ ᠬᠡᠯᠬᠢᠶ᠎ᠡ ᠶᠢᠨ 3 ᠲᠦᠮᠡᠨ ᠬᠥᠮᠦᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ | 2020 ᠣᠨ ᠳᠤ᠂ ᠥᠪᠥᠷ ᠮᠣᠩᠭᠤᠯ ᠤᠨ ᠬᠢᠩᠭᠠᠨ ᠢᠯᠢ ᠰᠢᠩᠭᠡᠨ ᠲᠤᠯᠤᠪᠲᠤ ᠰᠦ ᠶᠢᠨ ᠠᠵᠢᠯ | ᠲᠥᠷᠥᠯ ᠤᠨ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠬᠡᠷᠡᠭᠯᠡᠭᠡᠨ ᠤ | ᠣᠶᠤᠨᠴᠢ ᠦᠢᠯᠡᠳᠬᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠬᠢᠩᠭᠠᠨ ᠠᠶᠢᠮᠠᠭ ᠤᠨ ᠰᠦ ᠶᠢᠨ | ᠢᠷᠡᠯᠲᠡ ᠶᠢᠨ ᠪᠦᠰᠡ ᠳᠤ ᠦᠨᠳᠦᠰᠦᠯᠡᠭᠦᠯᠦᠨ᠎ᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠨ᠎ᠠ᠃ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ | ᠪᠠᠯᠠ ᠣᠷᠣᠭᠤᠯᠤᠯᠲᠠ 11.12 ᠳ᠋ᠦᠩᠰᠢᠭᠤᠷ ᠲᠥᠭᠦᠷᠢᠭ ᠲᠤ ᠬᠦᠷᠴᠦ᠂ 479.33 ᠮᠥ ᠲᠠᠯᠠᠪᠠᠶ ᠲᠠᠢ᠂ 9 | ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠲᠠᠯᠠᠪᠠᠶ ᠲᠠᠢ ᠪᠠᠶᠢᠵᠤ᠂ ᠳᠡᠯᠡᠬᠡᠶ ᠶᠢᠨ ᠬᠠᠮᠤᠭ ᠤᠨ ᠲᠡᠷᠢᠭᠦᠨ ᠤ | ᠮᠡᠷᠭᠡᠵᠢᠯ ᠪᠠ ᠲᠥᠬᠦᠭᠡᠷᠦᠮᠵᠢ ᠶᠢ ᠬᠡᠷᠡᠭᠯᠡᠪᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ 5G᠂ AR᠂ | BIM ᠶᠢ ᠬᠠᠷᠢᠯᠴᠠᠨ ᠤᠶᠠᠯᠳᠤᠭᠤᠯᠤᠭᠰᠠᠨ ᠮᠡᠷᠭᠡᠵᠢᠯ ᠳᠤ ᠲᠦᠰᠢᠭᠯᠡᠨ᠂ ᠪᠣᠬᠢᠷᠲᠤᠯ ᠥᠬᠡᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠨᠢᠭᠡ ᠴᠤᠭᠴᠠᠵᠢᠭᠤᠯᠤᠭᠰᠠᠨ ᠣᠶᠤᠨᠴᠢ ᠦᠢᠯᠡᠳᠬᠦ ᠲᠥᠷᠥᠯ ᠵᠦᠢᠯ ᠢ ᠪᠣᠶ ᠪᠣᠯᠭᠠᠨ᠎ᠠ᠃ ᠲᠥᠷᠥᠯ | ᠵᠦᠢᠯ ᠤᠨ ᠨᠢᠭᠡᠳᠦᠭᠡᠷ ᠬᠤᠭᠤᠴᠠᠭᠠᠨ ᠤ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠤᠨ ᠦᠢᠯᠡᠳᠭᠦᠨ ᠤ | ᠥᠷᠲᠡᠭ 15 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 2000 ᠲᠦᠮᠡᠨ ᠲᠥᠭᠦᠷᠢᠭ ᠤᠨ ᠭᠠᠶᠢᠯᠢ | ᠲᠤᠰᠢᠶᠠᠨ᠎ᠠ᠃ | ᠣᠳᠣᠬᠠᠨ ᠳᠤ᠂ ᠬᠢᠩᠭᠠᠨ ᠠᠶᠢᠮᠠᠭ ᠤᠨ ᠬᠢᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠴᠣᠩᠬᠤᠨ ᠤ ᠬᠤᠭᠤᠴᠠᠭ᠎ᠠ ᠶᠢ | ᠴᠢᠩᠭ᠎ᠠ ᠠᠳᠬᠤᠵᠤ᠂ ᠢᠯᠢ ᠪᠦᠯᠦᠭᠯᠡᠯ ᠲᠠᠢ ᠨᠢᠭᠲᠠ ᠬᠠᠮᠲᠤᠷᠠᠨ ᠠᠵᠢᠯᠯᠠᠵᠤ᠂ ᠬᠢᠩᠭᠠᠨ ᠦᠢᠯᠡᠳᠪᠦᠷᠢ ᠶᠢᠨ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ | ᠡᠳᠦᠷ ᠲᠤ 1500 ᠲᠣᠨ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠶᠢ ᠲᠦᠷᠭᠡᠳᠬᠡᠨ ᠪᠡᠶᠡᠯᠡᠭᠦᠯᠬᠦ ᠶᠢᠨ | ᠬᠠᠮᠲᠤ᠂ ᠲᠤᠬᠠᠶ ᠶᠢᠨ ᠭᠠᠵᠠᠷ ᠤᠨ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠲᠡᠵᠢᠭᠡᠯ | ᠪᠣᠷᠳᠤᠭ᠎ᠠ ᠡᠳ᠋ᠰᠢᠭᠦᠯᠬᠦ᠂ ᠴᠠᠭᠠᠨ ᠢᠳᠡᠭᠡ ᠡᠳ᠋ᠰᠢᠭᠦᠯᠬᠦ ᠪᠠ ᠪᠠᠷᠠᠭᠠᠨ ᠤ ᠭᠦᠢᠯᠭᠡᠭᠡᠨ᠂ ᠪᠣᠭᠤᠳᠠᠯ ᠵᠡᠷᠭᠡ ᠬᠠᠮᠢᠶ᠎ᠠ | ᠪᠥᠬᠦᠶ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠳᠠᠶᠢᠴᠢᠯᠠᠨ᠂ ᠠᠵᠤ ᠦᠢᠯᠡᠰ ᠤᠨ | ᠪᠥᠭᠡᠮᠨᠡᠷᠡᠯ ᠤᠨ ᠠᠵᠤ ᠠᠬᠤᠶ᠂ ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯ ᠢ ᠬᠠᠮᠲᠤᠪᠠᠷ ᠳᠡᠭᠡᠭᠰᠢᠯᠡᠭᠦᠯᠬᠦ ᠶᠢ | ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠬᠥᠭᠵᠢᠯᠲᠡ ᠶᠢᠨ ᠳᠡᠳ᠋ ᠲᠥᠪ | ᠬᠤᠲᠠ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ | |