ᠸᠢᠴᠠᠲ ᠤᠨ ᠡᠶᠢᠮᠦ 6 ᠵᠦᠢᠯ ᠤᠨ ᠤᠯᠠᠭᠠᠨ ᠪᠠᠭᠯᠠᠭ᠎ᠠ ᠶᠢ ᠶᠠᠭᠠᠬᠢᠭᠰᠠᠨ ᠴᠤ ᠪᠤᠯᠢᠶᠠᠨ ᠠᠪᠴᠤ ᠪᠣᠯᠬᠤ ᠦᠭᠡᠢ︕
ᠨᠡᠶᠢᠲᠡᠯᠡᠭᠰᠡᠨ ᠴᠠᠭ᠄
2023/1/31
    ᠨᠢᠭᠤᠴᠠ ᠨᠣᠮᠧᠷ ᠪᠢᠴᠢᠵᠦ ᠣᠷᠣᠭᠤᠯᠬᠤ ᠴᠢᠬᠤᠯᠠᠲᠠᠶ ᠤᠯᠠᠭᠠᠨ ᠪᠠᠭᠯᠠᠭ᠎ᠠ ᠸᠢᠴᠠᠲ ᠤᠨ ᠰᠠᠶᠢᠨ ᠨᠠᠶᠢᠵᠠ ᠶᠢᠨ ᠢᠶᠠᠨ ᠢᠷᠡᠭᠦᠯᠦᠭᠰᠡᠨ ᠤᠯᠠᠭᠠᠨ ᠪᠠᠭᠯᠠᠭ᠎ᠠ ᠶᠢ ᠨᠡᠭᠡᠭᠡᠬᠦ ᠦᠶᠡᠰ ᠨᠢᠭᠤᠴᠠ ᠨᠣᠮᠧᠷ ᠪᠢᠴᠢᠵᠦ ᠣᠷᠣᠭᠤᠯᠬᠤ ᠶᠢ ᠰᠠᠨᠠᠭᠤᠯᠵᠦ ᠪᠠᠶᠢᠬᠤ ᠳᠤ ᠬᠦᠷᠪᠡᠯ᠂ ᠪᠠᠷᠢᠨ ᠲᠤᠤᠷ᠎ᠠ ᠨᠢ ᠤᠬᠤᠷᠢᠨ ᠭᠠᠷᠴᠤ᠂ ᠵᠣᠭᠤᠰ ᠮᠥᠩᠭᠦᠨ ᠤ ᠬᠤᠬᠢᠷᠠᠯ ᠭᠠᠷᠬᠤ ᠠᠴᠠ ᠵᠠᠶᠢᠯᠠᠰᠬᠢᠬᠦ ᠭᠡᠷᠡᠭᠳᠡᠢ᠃ ᠦᠨᠡᠨ ᠳᠡᠭᠡᠨ᠂ ᠸᠢᠴᠠᠲ ᠤᠨ ᠤᠯᠠᠭᠠᠨ ᠪᠠᠭᠯᠠᠭ᠎ᠠ ᠠᠪᠬᠤ ᠳᠤ ᠨᠢᠭᠤᠴᠠ ᠨᠣᠮᠧᠷ ᠪᠢᠴᠢᠵᠦ ᠣᠷᠣᠭᠤᠯᠬᠤ ᠴᠢᠬᠤᠯᠠ ᠦᠭᠡᠢ ᠶᠤᠮ᠃ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠬᠤ ᠶᠢ ᠱᠠᠭᠠᠷᠳᠠᠬᠰᠠᠨ ᠤᠯᠠᠭᠠᠨ ᠪᠠᠭᠯᠠᠭ᠎ᠠ ᠡᠨᠡ ᠲᠥᠷᠥᠯ ᠤᠨ ᠤᠯᠠᠭᠠᠨ ᠪᠠᠭᠯᠠᠭ᠎ᠠ ᠶᠢ ᠠᠪᠬᠤ ᠦᠶᠡᠰ᠂ ᠲᠠᠨ ᠢ ᠭᠠᠷ ᠤᠲᠠᠰᠤᠨ ᠤ ᠨᠣᠮᠧᠷ᠂ ᠨᠡᠷ᠎ᠡ᠂ ᠪᠠᠩᠬᠢ ᠶᠢᠨ ᠺᠠᠷᠲ ᠤᠨ ᠨᠣᠮᠧᠷ ᠵᠡᠷᠭᠡ ᠮᠡᠳᠡᠭᠡ ᠵᠠᠩᠭᠢ ᠪᠠᠨ ᠪᠢᠴᠢᠵᠦ ᠣᠷᠣᠭᠤᠯᠬᠤ ᠶᠢ ᠱᠠᠭᠠᠷᠳᠠᠬᠰᠠᠨ ᠪᠠᠶᠢᠪᠠᠯ ᠤᠬᠤᠷᠢᠨ ᠭᠠᠷᠬᠤ ᠭᠡᠷᠡᠭᠳᠡᠢ᠃ ᠡᠨᠡ ᠪᠣᠯ ᠬᠠᠤᠯᠢ ᠪᠤᠰᠤ ᠡᠲᠡᠭᠡᠳ ᠤᠨ ᠭᠠᠷᠭᠠᠭᠰᠠᠨ ᠤᠨᠠᠭᠤᠯᠢ᠄ ᠠᠷᠤ ᠲᠠᠪᠴᠠᠩ ᠤᠨ ᠮᠣᠳᠣᠨ ᠮᠣᠷᠢᠨ ᠤ ᠸᠢᠷᠦ᠋ᠰ ᠨᠢ ᠵᠠᠪᠰᠢᠶᠠᠨ ᠢ ᠳᠠᠯᠢᠮᠳᠠᠭᠤᠯᠤᠨ ᠪᠠᠩᠬᠢ ᠶᠢᠨ ᠰᠢᠰᠲ᠋ᠧᠮ ᠤᠨ ᠮᠠᠰᠢᠨ ᠢᠶᠠᠷ ᠶᠠᠪᠤᠭᠤᠯᠤᠭᠰᠠᠨ ᠭᠠᠷ ᠤᠲᠠᠰᠤᠨ ᠤ ᠰᠢᠯᠭᠠᠨ ᠪᠠᠲᠤᠯᠠᠬᠤ ᠨᠣᠮᠧᠷ ᠢ ᠬᠤᠯᠠᠭᠠᠶᠢᠯᠠᠨ ᠠᠪᠴᠤ᠂ ᠺᠠᠷᠲ ᠲᠠᠬᠢ ᠵᠣᠭᠤᠰ ᠢ ᠨᠢ ᠴᠠᠭ ᠲᠤᠬᠠᠶ ᠳᠤᠨᠢ ᠰᠢᠯᠵᠢᠭᠦᠯᠤᠨ ᠠᠪᠠᠴᠢᠬᠤ ᠪᠣᠯᠤᠨ᠎ᠠ᠃ ᠸᠢᠴᠠᠲ ᠤᠨ ᠵᠢᠩᠬᠢᠨᠢ ᠤᠯᠠᠭᠠᠨ ᠪᠠᠭᠯᠠᠭ᠎ᠠ ᠶᠢ ᠪᠤᠯ ᠲᠣᠪᠴᠢᠳᠠᠮᠡᠬᠴᠡ ᠲᠠᠷᠤᠢ ᠬᠤᠷᠢᠶᠠᠨ ᠠᠪᠴᠤ ᠪᠤᠯᠳᠠᠭ ᠮᠥᠷᠲᠡᠭᠡᠨ ᠥᠪᠡᠷᠲᠡᠭᠡᠨ ᠸᠢᠴᠠᠲ ᠤᠨ ᠵᠣᠭᠤᠰᠣᠨ ᠪᠣᠭᠴᠣᠨ ᠳᠤ ᠴᠢᠨᠢ ᠬᠠᠳᠠᠭᠠᠯᠠᠬᠳᠠᠳᠠᠭ᠂ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠬᠤ ᠴᠢᠬᠤᠯᠠ ᠦᠭᠡᠢ᠃ ᠳᠠᠮᠵᠢᠭᠤᠯᠤᠨ ᠲᠠᠷᠬᠠᠭᠠᠬᠤ ᠴᠢᠬᠤᠯᠠᠲᠠᠶ ᠤᠯᠠᠭᠠᠨ ᠪᠠᠭᠯᠠᠭ᠎ᠠ ᠡᠶᠢᠮᠦᠷᠭᠦᠦ ᠤᠯᠠᠭᠠᠨ ᠪᠠᠭᠯᠠᠭ᠎ᠠ ᠶᠢ ᠲᠤᠪᠴᠢᠳᠠᠬᠰᠠᠨ ᠤ ᠳᠠᠷᠠᠭ᠎ᠠ᠂ ᠨᠢᠭᠤᠷ ᠤᠨ ᠲᠠᠯ᠎ᠠ ᠶᠢᠨ ᠰᠠᠨᠠᠭᠤᠯᠤᠮᠵᠢ ᠳᠠᠭᠠᠨ ᠪᠤᠰᠤᠳ ᠸᠢᠴᠠᠲ ᠤᠨ ᠬᠤᠯᠪᠣᠭᠠᠨ ᠳᠤ ᠲᠠᠷᠬᠠᠭᠠᠨ ᠶᠠᠪᠤᠭᠤᠯᠬᠤ ᠪᠤᠶᠤ ᠨᠠᠶᠢᠵᠠ ᠶᠢᠨ ᠲᠣᠭᠤᠷᠢᠭ ᠲᠠᠭᠠᠨ ᠬᠤᠪᠢᠶᠠᠯᠴᠠᠪᠠᠯ ᠰᠠᠶ᠋ᠢ ᠠᠪᠴᠤ ᠪᠣᠯᠤᠨ᠎ᠠ ᠭᠡᠵᠦ ᠪᠠᠶᠢᠳᠠᠭ᠃ ᠸᠢᠴᠠᠲ ᠤᠨ ᠰᠠᠶᠢᠨ ᠨᠠᠶᠢᠵᠠ ᠶᠢᠨ ᠴᠥᠷᠬᠦᠯᠡᠭᠡ ᠶᠢ ᠠᠰᠢᠭᠯᠠᠨ ᠳᠠᠮᠵᠢᠭᠤᠯᠬᠤ ᠨᠢ ᠬᠡᠷᠡᠭᠯᠡᠭᠴᠢᠳ ᠤᠨ ᠰᠣᠨᠣᠷ ᠰᠡᠷᠡᠮᠵᠢ ᠶᠢ ᠶᠡᠭᠡ ᠪᠠᠷ ᠪᠠᠭᠤᠷᠠᠭᠤᠯᠵᠤ᠂ ᠮᠠᠰᠢ ᠣᠯᠠᠨ ᠬᠥᠮᠦᠨ ᠰᠠᠶᠢᠨ ᠨᠠᠶᠢᠵᠠ ᠪᠠᠨ ᠢᠳᠡᠭᠡᠬᠦ ᠠᠴᠠ ᠪᠤᠯᠵᠤ ᠲᠣᠪᠴᠢᠳᠠᠭᠰᠠᠨ ᠤ ᠳᠠᠷᠠᠭ᠎ᠠ ᠪᠤᠰᠤᠳ ᠰᠠᠶᠢᠨ ᠨᠠᠶᠢᠵᠠ ᠳᠠᠭᠠᠨ ᠦᠷᠭᠦᠯᠵᠢᠯᠡᠨ ᠶᠠᠪᠤᠭᠤᠯᠵᠤ ᠪᠠᠶᠢᠳᠠᠭ᠃ ᠡᠭᠦᠨ ᠤ ᠳᠡᠭᠡᠷ᠎ᠡ ᠤᠯᠠᠭᠠᠨ ᠪᠠᠭᠯᠠᠭ᠎ᠠ ᠶᠢᠨ ᠶᠠᠪᠤᠴᠠ ᠨᠢ ᠶᠠᠷᠰᠢᠭ ᠲᠦᠪᠡᠭᠲᠡᠶ ᠪᠣᠯᠬᠤᠷ ᠮᠠᠰᠢ ᠣᠯᠠᠨ ᠬᠥᠮᠦᠨ ︽ᠤᠷᠢᠳᠤᠬᠢ ᠴᠢᠷᠮᠠᠶᠢᠯᠭ᠎ᠠ ᠨᠢ ᠲᠠᠯᠠᠭᠠᠷ ᠪᠣᠯᠬᠤ︾ ᠠᠴᠠ ᠬᠢᠴᠢᠶᠡᠵᠦ᠂ ᠦᠷᠬᠦᠯᠵᠢᠯᠡᠨ ᠲᠠᠮᠵᠢᠭᠤᠯᠤᠨ ᠦᠷᠭᠡᠨ ᠢᠶᠠᠷ ᠲᠠᠷᠬᠠᠵᠦ᠂ ᠮᠠᠭᠤ ᠣᠷᠴᠢᠯ ᠢ ᠪᠣᠶ ᠪᠣᠯᠭᠠᠳᠠᠭ᠃ ᠬᠡᠷᠪᠡ ᠡᠶᠢᠮᠦᠷᠭᠦᠦ ᠳᠠᠮᠵᠢᠭᠤᠯᠦᠨ ᠶᠠᠪᠤᠭᠤᠯᠤᠬᠰᠠᠨ ᠤ ᠲᠠᠷᠠᠭ᠎ᠠ ᠰᠠᠶ᠋ᠢ ᠬᠤᠷᠢᠶᠠᠨ ᠠᠪᠬᠤ ᠴᠢᠬᠤᠯᠠᠲᠠᠶ ᠤᠯᠠᠭᠠᠨ ᠪᠠᠭᠯᠠᠭ᠎ᠠ ᠲᠣᠬᠢᠶᠠᠯᠳᠤᠪᠠᠯ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠡᠬᠡᠯᠡᠭᠳᠡᠬᠦ ᠠᠴᠠ ᠬᠢᠴᠢᠶᠡᠭᠦ ᠬᠡᠷᠡᠭᠲᠡᠶ᠃ ᠥᠳᠥᠭᠡᠯᠭᠡ ᠶᠢᠨ ᠴᠢᠨᠠᠷᠳᠠᠢ ᠦᠭᠡ ᠲᠠᠢ ᠤᠯᠠᠭᠠᠨ ᠪᠠᠭᠯᠠᠭ᠎ᠠ ᠡᠶᠢᠮᠦᠷᠭᠦᠦ ᠤᠯᠠᠭᠠᠨ ᠪᠠᠭᠯᠠᠭ᠎ᠠ ᠶᠢᠨ ᠴᠥᠷᠬᠦᠯᠡᠭᠡ ᠶᠢ ᠶᠡᠷᠦ ᠨᠢ ᠠᠮᠠᠷᠬᠠᠨ ᠮᠡᠬᠡᠯᠡᠭᠳᠡᠬᠦ ᠵᠦᠢᠯ ᠪᠦᠷᠢ ᠶᠢᠨ ᠬᠡᠯᠪᠡᠷᠢ ᠪᠠᠷ ᠪᠣᠭᠤᠳᠠᠯᠯᠠᠳᠠᠭ᠂ ᠵᠢᠱᠢᠶᠡᠯᠡᠪᠡᠯ ᠨᠢᠭᠡ ᠵᠤᠷᠪᠤᠰ ᠦᠨᠡᠨ ᠪᠣᠳᠠᠲᠠᠶ ᠦᠭᠡ ᠬᠡᠯᠡᠨ ᠤ ᠮᠡᠳᠡᠭᠡ᠂ ᠨᠠᠶᠢᠵᠠ ᠶᠢᠨ ᠬᠤᠯᠪᠤᠭᠠᠨ ᠳᠠᠭᠠᠨ ᠤᠷᠢᠬᠰᠠᠨ ᠰᠠᠨᠠᠭᠤᠯᠤᠮᠵᠢ᠂ ︽ᠪᠢ ᠨᠢᠭᠡᠨᠲᠡ ᠣᠯᠵᠤ ᠠᠪᠴᠠᠶ︾ ᠭᠡᠬᠦ ᠮᠡᠲᠦ ᠶᠢᠨ ᠡᠯ᠎ᠡ ᠵᠦᠢᠯ ᠤᠨ ᠦᠭᠡ ᠶᠠᠷᠢᠶ᠎ᠠ ᠪᠠᠷ ᠬᠡᠷᠡᠭᠯᠡᠭᠴᠢᠳ ᠢ ᠥᠳᠥᠭᠡᠵᠦ ᠲᠣᠪᠴᠢᠳᠠᠭᠤᠯᠳᠠᠭ᠃ ᠠᠯᠪᠠᠨ ᠤ ᠲᠠᠯ᠎ᠠ ᠶᠢᠨ ᠬᠢᠨ ᠪᠠᠷ ᠬᠠᠭᠤᠷᠮᠠᠬᠯᠠᠬᠰᠠᠨ ᠤᠯᠠᠭᠠᠨ ᠪᠠᠭᠯᠠᠭ᠎ᠠ ᠬᠠᠤᠯᠢ ᠪᠤᠰᠤ ᠡᠲᠡᠭᠡᠳ ᠨᠢ ᠬᠠᠭᠤᠷᠮᠠᠭ ᠨᠢᠭᠤᠷ ᠤᠨ ᠠᠭᠤᠯᠭ᠎ᠠ ᠵᠣᠬᠢᠶᠠᠵᠤ᠂ ᠠᠯᠪᠠᠨ ᠤ ᠲᠠᠯ᠎ᠠ ᠶᠢᠨ ᠬᠢᠨ ᠢᠶᠠᠷ ᠣᠪᠯᠠᠨ᠂ ᠬᠠᠯᠠᠮᠰᠢᠯ ᠬᠡᠷᠡᠭ ᠶᠠᠪᠤᠳᠠᠯ ᠢᠶᠠᠷ ᠬᠠᠯᠬᠠᠪᠴᠢ ᠪᠣᠯᠭᠠᠵᠤ᠂ ᠬᠤᠳᠠᠯ ᠬᠠᠭᠤᠷᠮᠠᠭ ︽ᠠᠰᠢᠭᠲᠠᠶ ᠮᠡᠳᠡᠭᠡ︾ ᠵᠣᠬᠢᠶᠠᠵᠤ᠂ ᠳᠠᠬᠢᠨ ︽ᠲᠤᠮᠤ ᠤᠯᠠᠭᠠᠨ ᠪᠠᠭᠯᠠᠭ᠎ᠠ︾ ᠢᠶᠠᠷ ᠦᠭᠶᠦᠭᠡ ᠪᠣᠯᠭᠠᠵᠤ᠂ ᠬᠡᠷᠡᠭᠯᠡᠭᠴᠢᠳ ᠢ ᠮᠡᠬᠡᠯᠡᠨ ᠲᠠᠲᠠᠵᠤ ᠪᠠᠶᠢᠳᠠᠭ ᠃ ︽ᠪᠡᠯᠡᠨ ᠵᠣᠭᠤᠰ ᠤᠨ ᠤᠯᠠᠭᠠᠨ ᠪᠠᠭᠯᠠᠭ᠎ᠠ︾᠂ ︽AA ᠤᠯᠠᠭᠠᠨ ᠪᠠᠭᠯᠠᠭ᠎ᠠ︾ ︽ᠵᠣᠭᠤᠰ ᠬᠦᠷᠭᠡᠬᠦ︾᠂ ︽ᠪᠡᠯᠡᠨ ᠵᠣᠭᠤᠰ ᠤᠨ ᠪᠡᠯᠡᠭ ᠤᠨ ᠪᠠᠭᠯᠠᠭ᠎ᠠ︾᠂ ︽AA ᠤᠯᠠᠭᠠᠨ ᠪᠠᠭᠯᠠᠭ᠎ᠠ︾ ᠭᠡᠬᠦ ᠮᠡᠳᠦ ᠶᠢᠨ ᠦᠰᠦᠭ ᠪᠢᠴᠢᠭᠰᠡᠨ ᠤᠯᠠᠭᠠᠨ ᠪᠠᠭᠯᠠᠭ᠎ᠠ ᠶᠢᠨ ᠮᠡᠬᠡᠯᠡᠯ ᠢ ᠰᠡᠷᠡᠮᠵᠢᠯᠡᠬᠦ ᠬᠡᠷᠡᠭᠲᠡᠶ᠃ ᠡᠶᠢᠮᠦᠷᠭᠦᠦ ᠤᠯᠠᠭᠠᠨ ᠪᠠᠭᠯᠠᠭ᠎ᠠ ᠨᠢ ᠶᠡᠷᠦ ᠳᠡᠭᠡᠨ ᠸᠢᠴᠠᠲ AA ᠶᠢᠨ ᠵᠣᠭᠤᠰ ᠬᠤᠷᠢᠶᠠᠬᠤ ᠨᠢᠭᠤᠷ ᠤᠨ ᠵᠤᠯᠭᠠᠴᠠ ᠶᠢ ᠪᠠᠭ᠎ᠠ ᠰᠠᠭ᠎ᠠ ᠬᠤᠪᠢᠷᠠᠭᠤᠯᠤᠭᠠᠳ ᠂ ᠲᠡᠭᠡᠷ᠎ᠡ ᠨᠢ ︽ᠵᠣᠭᠤᠰ ᠬᠦᠷᠭᠡᠬᠦ︾᠂ ︽ᠪᠡᠯᠡᠨ ᠵᠣᠭᠤᠰ ᠤᠨ ᠪᠡᠯᠡᠭ ᠤᠨ ᠪᠠᠭᠯᠠᠭ᠎ᠠ︾ ᠭᠡᠬᠦ ᠮᠡᠲᠦ ᠶᠢᠨ ᠥᠰᠥᠭ ᠢ ᠨᠡᠮᠡᠨ ᠪᠢᠴᠢᠭᠰᠡᠨ ᠪᠠᠶᠢᠳᠠᠭ᠂ ᠲᠡᠶᠢᠨ ᠬᠦ ᠬᠡᠷᠡᠭᠯᠡᠭᠴᠢ ᠨᠢ ᠨᠢᠭᠤᠴᠠ ᠨᠣᠮᠧᠷ ᠪᠢᠴᠢᠵᠦ ᠣᠷᠣᠭᠤᠯᠬᠤ ᠨᠢ ᠤᠯᠠᠭᠠᠨ ᠪᠠᠭᠯᠠᠭ᠎ᠠ ᠠᠪᠴᠤ ᠪᠠᠶᠢᠨ᠎ᠠ ᠭᠡᠵᠦ ᠠᠳᠡᠭᠦᠷᠡᠳᠡᠭ᠂ ᠡᠨᠡ ᠨᠢ ᠬᠡᠷᠡᠭ ᠳᠡᠭᠡᠷ᠎ᠡ ᠪᠠᠨ ᠬᠠᠷᠢᠨ ᠨᠥᠭᠦᠭᠡ ᠡᠲᠡᠭᠡᠳ ᠲᠡᠭᠡᠨ ᠲᠠᠩᠰᠠ ᠰᠢᠯᠵᠢᠭᠦᠯᠳᠡᠭ ᠪᠠᠶᠢᠨ᠎ᠠ᠃ ᠸᠢᠴᠠᠲ ᠤᠨ ᠵᠢᠩᠬᠢᠨᠢ ᠤᠯᠠᠭᠠᠨ ᠪᠠᠭᠯᠠᠭ᠎ᠠ ᠶᠢᠨ ᠨᠢᠭᠤᠷ ᠤᠨ ᠵᠤᠯᠭᠠᠴᠠ ᠨᠢ ᠤᠯᠠᠪᠳᠤᠷ ᠰᠢᠷ᠎ᠠ ᠦᠡᠭᠭᠡ ᠲᠠᠢ ᠶᠤᠮ᠃ ᠤᠯᠠᠭᠠᠨ ᠪᠠᠭᠯᠠᠭ᠎ᠠ ᠠᠪᠬᠤ ᠳᠤ A A ᠵᠣᠭᠤᠰ ᠬᠤᠷᠢᠶᠠᠬᠤ ᠨᠢᠭᠤᠷ ᠤᠨ ᠵᠤᠯᠭᠠᠴᠠ ᠳᠤ ᠤᠷᠤᠳᠠᠭ ᠦᠭᠡᠢ᠃      
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号