ᠡᠨᠡ ᠡᠮ ᠤᠨ ᠦᠨ᠎ᠡ ᠶᠢ ᠪᠠᠭᠤᠷᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/1/31
 1 ᠳ᠋ᠤᠭᠡᠷ ᠰᠠᠷ᠎ᠠ ᠶᠢᠨ 18 ᠤ ᠡᠳᠦᠷ ᠤᠯᠤᠰ ᠤᠨ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶᠠᠨ ᠠᠴᠠ ᠤᠯᠤᠰ ᠤᠨ ᠡᠮ ᠡᠮᠨᠡᠯᠬᠡ ᠶᠢᠨ ᠲᠠᠭᠠᠳᠬᠠᠯ ᠤᠨ ᠡᠮ ᠲᠠᠩ ᠤᠨ ᠭᠠᠷᠴᠠᠭ ᠢ ᠲᠤᠬᠢᠷᠠᠭᠤᠯᠤᠬᠰᠠᠨ ᠪᠠᠶᠢᠳᠠᠯ ᠪᠠ ᠰᠢᠨ᠎ᠡ ᠬᠡᠪᠯᠡᠯ ᠤᠨ ᠭᠠᠷᠴᠠᠭ ᠢ ᠨᠡᠶᠢᠳᠡᠯᠡᠵᠡᠢ᠃ ᠡᠨᠡ ᠵᠢᠯ ᠤᠨ ᠭᠠᠷᠴᠠᠭ ᠤᠨ ᠲᠤᠬᠢᠷᠠᠭᠤᠯᠤᠯᠳᠠ ᠨᠢ ᠰᠢᠨ᠎ᠡ ᠲᠢᠲᠢᠮᠯᠢᠭ ᠸᠢᠷᠦ᠋ᠰ ᠢ ᠡᠮᠨᠡᠨ ᠵᠠᠰᠠᠬᠤ ᠳᠤ ᠬᠡᠷᠡᠭᠯᠡᠬᠦ ᠡᠮ ᠵᠡᠷᠭᠡ ᠪᠠᠷ ᠭᠤᠤᠯᠳᠠᠭᠤᠯᠤᠬᠰᠠᠨ ᠪᠠᠶᠢᠨ᠎ᠠ᠃ ᠡᠭᠦᠨ ᠳᠤ ᠰᠢᠨ᠎ᠡ ᠲᠢᠲᠢᠮᠯᠢᠭ ᠸᠢᠷᠦ᠋ᠰ ᠢ ᠲᠠᠷᠤᠬᠤ ᠡᠮ ᠪᠤᠯᠬᠤ ᠠᠽᠸᠦ᠋ᠳᠢᠨ ︵Azvudine︶᠂ ᠠᠭᠤᠰᠬᠢ ᠶᠢ ᠴᠡᠪᠡᠷᠰᠢᠭᠦᠯᠵᠦ ᠬᠤᠤᠷ ᠢ ᠲᠠᠶᠢᠯᠬᠤ ᠬᠤᠶᠠᠷ ᠵᠦᠢᠯ ᠤᠨ ᠡᠮ ᠢ ᠬᠡᠯᠡᠯᠴᠡᠭᠡ ᠬᠢᠬᠦ ᠪᠠᠷ ᠲᠠᠮᠵᠢᠭᠠᠳ ᠦᠨ᠎ᠡ ᠶᠢ ᠨᠢ ᠪᠠᠭᠤᠷᠠᠭᠤᠯᠵᠦ᠂ ᠤᠯᠤᠰ ᠤᠨ ᠡᠮ ᠡᠮᠨᠡᠯᠬᠡ ᠶᠢᠨ ᠲᠠᠭᠠᠳᠬᠠᠯ ᠤᠨ ᠡᠮ ᠲᠠᠩ ᠤᠨ ᠭᠠᠷᠴᠠᠭ ᠲᠤ ᠠᠯᠪᠠᠨ ᠶᠤᠰᠤᠭᠠᠷ ᠤᠷᠤᠭᠤᠯᠵᠠᠢ᠃ ᠡᠭᠦᠨ ᠳᠤ ᠠᠽᠸᠦ᠋ᠳᠢᠨ ᠤ ᠡᠮᠨᠡᠯᠬᠡ ᠶᠢᠨ ᠲᠠᠭᠠᠳᠬᠠᠯ ᠳᠠᠬᠢ ᠦᠨ᠎ᠡ ᠶᠢ 3 ᠮᠢᠯᠢᠭᠷᠡᠮ ᠪᠦᠷᠢ ᠳᠤ 11.58 ᠲᠦᠭᠦᠷᠢᠭ ᠢᠶᠠᠷ ᠲᠤᠬᠳᠠᠭᠠᠵᠦ᠂ ᠯᠤᠩᠬᠤ ᠪᠦᠷᠢ ᠶᠢᠨ ᠦᠨ᠎ᠡ ᠶᠢ 270 ᠲᠦᠭᠦᠷᠢᠭ ᠪᠠᠶᠢᠬᠰᠠᠨ ᠠᠴᠠ ᠨᠢ ᠪᠠᠭᠤᠷᠠᠭᠤᠯᠤᠭᠠᠳ 175 ᠲᠦᠭᠦᠷᠢᠭ ᠤᠷᠴᠢᠮ ᠪᠤᠯᠭᠠᠵᠠᠢ᠃    
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号