ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ | ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ︽ᠰᠡᠷᠭᠡᠶᠢᠯᠡᠬᠦ︾ ︽ᠠᠪᠤᠷᠠᠬᠤ︾ ᠬᠠᠷᠢᠭᠤᠴᠠᠯᠭ᠎ᠠ ᠶᠢᠨ | ᠬᠡᠯᠬᠢᠶᠡᠰᠦ ᠶᠢ ᠵᠣᠯᠭᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2022︺ 81 ᠳ᠋ᠦ᠋ᠭᠡᠷ ᠲᠣᠭᠠᠲᠤ︶ ︵ | ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ | ᠨᠡᠶᠢᠲᠡ ᠶᠢᠨ ᠬᠢᠨ ᠤ ︽ᠪᠡᠯᠡᠳᠬᠡᠯ ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ | ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ | ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠤᠳᠠᠨ ᠤ ᠦᠢᠯᠡᠰ ᠤᠨ ᠴᠢᠨᠠᠷᠯᠢᠭ ᠬᠥᠭᠵᠢᠯᠲᠡ ᠶᠢ ᠨᠥᠯᠥᠭᠡᠯᠡᠵᠦ ᠮᠡᠳᠡᠬᠦ ᠬᠦᠨᠳᠦ ᠶᠡᠭᠡ ᠲᠦᠭᠰᠢᠭᠦᠷᠢ ᠶᠢ ᠡᠷᠡᠰ | ᠰᠡᠷᠭᠡᠶᠢᠯᠡᠨ ᠡᠵᠡᠮᠳᠡᠵᠦ᠂ ᠠᠵᠢᠯ ᠲᠥᠷᠥᠯ ᠤᠨ ᠬᠢᠨ ᠤ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠵᠢᠴᠢ | ᠲᠡᠭᠦᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠵᠤ᠂ ᠢᠯᠡᠭᠡᠨ | ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠨ᠂ ᠰᠢᠤᠳᠠᠨ ᠤ | ᠦᠢᠯᠡᠰ ᠤᠨ ᠠᠮᠤᠷ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ ᠶᠤᠮ᠃ | ᠬᠤᠶᠠᠷ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠤᠳᠠᠨ ᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠲᠦᠷᠭᠡᠨ ᠬᠦᠷᠭᠡᠯᠲᠡ ᠶᠢᠨ | ᠲᠦᠷ ᠬᠡᠷᠡᠭᠵᠢᠭᠦᠯᠬᠦ ᠳᠦᠷᠢᠮ︾ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠶᠠᠪᠤᠳᠠᠯ ᠤᠨ | ᠳᠦᠷᠢᠮ︾ ︽ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠷᠭ᠎ᠠ︾ ︽ᠤᠯᠤᠰ ᠤᠨ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠢ | ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︽ᠢᠯᠡᠭᠡᠨ ᠬᠦᠷᠭᠡᠬᠦ ᠶᠢ ᠴᠠᠭᠠᠵᠠᠯᠠᠬᠤ ᠡᠳ᠋ ᠪᠣᠳᠠᠰ ᠤᠨ | ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠤᠳᠠᠨ ᠤ ᠦᠢᠯᠡᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠪᠡᠯᠡᠳᠬᠡᠯ ᠲᠥᠰᠥᠯ ᠢ ᠨᠠᠶᠢᠷᠠᠭᠤᠯᠤᠨ | ᠵᠣᠬᠢᠶᠠᠪᠠ᠃ | ᠭᠤᠷᠪᠠ᠂ ︽ᠪᠡᠯᠡᠳᠬᠡᠯ ᠲᠥᠰᠥᠯ︾ ᠤᠨ ᠭᠤᠣᠯ ᠠᠭᠤᠯᠭ᠎ᠠ | ︵ᠨᠢᠭᠡ︶ ᠶᠡᠷᠦᠩᠬᠡᠢ ᠳᠦᠷᠢᠮ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠪᠡᠯᠡᠳᠬᠡᠯ ᠲᠥᠰᠥᠯ ᠤᠨ ᠲᠣᠭᠲᠠᠯᠴᠠᠭ᠎ᠠ᠂ ᠬᠡᠷᠡᠭ | ᠶᠠᠪᠤᠳᠠᠯ ᠢ ᠲᠥᠷᠥᠯ ᠬᠤᠪᠢᠶᠠᠨ ᠲᠠᠰ ᠬᠤᠪᠢᠶᠠᠬᠤ ᠶᠢ ᠲᠣᠳᠣᠷᠬᠠᠶᠢᠯᠠᠪᠠ᠃ ᠨᠢᠭᠡᠳᠦᠯᠲᠡᠢ ᠤᠳᠤᠷᠢᠳᠤᠯᠭ᠎ᠠ᠂ | ᠵᠣᠬᠢᠴᠠᠭᠤᠯᠤᠨ ᠬᠠᠮᠲᠤᠷᠠᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯᠯᠠᠭᠤᠯᠬᠤ᠂ | ᠥᠨᠳᠥᠷ ᠪᠦᠲᠦᠮᠵᠢᠲᠡᠢ ᠡᠮᠬᠢ ᠵᠢᠷᠤᠮ ᠲᠠᠢ ᠪᠠᠶᠢᠬᠤ᠂ ᠶᠡᠷᠦᠩᠬᠡᠶᠢᠯᠡᠨ ᠠᠷᠭᠠᠴᠠᠭᠠᠬᠤ᠂ ᠬᠠᠤᠯᠢ ᠶᠣᠰᠣᠭᠠᠷ | ᠵᠢᠷᠤᠮᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠣᠷᠣᠨ ᠪᠦᠰᠡ ᠪᠠᠷ ᠬᠠᠮᠵᠢᠯᠴᠠᠬᠤ᠂ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠬᠤᠯᠠᠴᠢᠯᠠᠪᠠ᠃ | ︵ᠬᠤᠶᠠᠷ︶ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠬᠢᠭᠡᠳ ᠡᠭᠦᠷᠭᠡ ᠬᠠᠷᠢᠭᠤᠴᠠᠯᠭ᠎ᠠ | ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ᠂ | ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ | ᠠᠷᠭᠠᠴᠠᠭᠠᠬᠤ ᠮᠡᠷᠭᠡᠵᠢᠯᠲᠡᠨ ᠤ ᠵᠥᠪᠯᠡᠯᠭᠡ ᠥᠭᠬᠦ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ | ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠵᠡᠷᠭᠡ ᠶᠢ ᠲᠣᠳᠣᠷᠬᠠᠶᠢᠯᠠᠪᠠ᠃ | ︵ᠭᠤᠷᠪᠠ︶ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠡᠭᠦᠨ ᠳᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ᠂ ᠬᠢᠨᠠᠨ ᠰᠢᠨᠵᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠭᠤᠯᠭ᠎ᠠ ᠶᠢ ᠪᠠᠭᠲᠠᠭᠠᠵᠤ᠂ | ᠤᠷᠢᠳᠴᠢᠯᠠᠨ ᠰᠡᠷᠡᠮᠵᠢᠯᠡᠭᠦᠯᠬᠦ ᠶᠢᠨ ᠲᠠᠰ ᠬᠤᠪᠢᠶᠠᠬᠤ᠂ ᠮᠡᠳᠡᠭᠡ ᠵᠠᠩᠭᠢ ᠶᠢᠨ ᠢᠷᠡᠯᠲᠡ᠂ ᠮᠡᠳᠡᠭᠦᠯᠬᠦ᠂ ᠡᠬᠢᠯᠡᠭᠦᠯᠬᠦ᠂ | ᠴᠤᠤᠷᠢᠶᠠᠲᠤᠨ ᠳᠠᠭᠠᠬᠤ᠂ ᠳᠠᠭᠤᠰᠬᠠᠬᠤ ᠵᠡᠷᠭᠡ ᠶᠢ ᠲᠣᠳᠣᠷᠬᠠᠶᠢᠯᠠᠬᠤ ᠪᠠ ᠱᠠᠭᠠᠷᠳᠠᠪᠠ᠃ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ ᠪᠥᠬᠦ ᠣᠷᠣᠨ ᠤ ᠰᠢᠤᠳᠠᠨ ᠤ | ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠲᠠᠰ ᠢ | ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠮᠡᠳᠡᠭᠡ ᠵᠠᠩᠭᠢ ᠶᠢ ᠮᠡᠳᠡᠭᠦᠯᠬᠦ᠂ ᠮᠡᠳᠡᠭᠡ | ᠵᠠᠩᠭᠢ ᠶᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠲᠠᠭᠠᠬᠤ ᠶᠢ ᠵᠣᠭᠰᠤᠭᠠᠬᠤ ᠵᠡᠷᠭᠡ | ᠠᠭᠤᠯᠭ᠎ᠠ ᠶᠢ ᠪᠠᠭᠲᠠᠭᠠᠵᠤ᠂ I – IV ᠲᠠᠰ ᠤᠨ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠭᠤᠣᠯ ᠴᠣᠭᠴᠠ ᠪᠠ ᠴᠤᠤᠷᠢᠶᠠᠲᠤᠨ ᠳᠠᠭᠠᠬᠤ ᠲᠠᠰ | ᠳᠠᠷᠠᠭᠠᠯᠠᠯ ᠢ ᠲᠣᠳᠣᠷᠬᠠᠶᠢᠯᠠᠪᠠ᠃ | ︵ᠲᠠᠪᠤ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠭᠤᠣᠯᠳᠠᠭᠤ ᠬᠡᠷᠡᠭ ᠢ ᠦᠨᠡᠯᠡᠨ ᠵᠢᠱᠢᠬᠦ᠂ | ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠲᠠᠲᠠᠪᠤᠷᠢᠯᠠᠨ ᠬᠡᠷᠡᠭᠯᠡᠬᠦ ᠨᠥᠬᠦᠪᠦᠷᠢ᠂ ᠳᠠᠭᠠᠳᠬᠠᠯ ᠪᠠ ᠦᠨᠡᠯᠡᠨ | ᠵᠢᠱᠢᠵᠦ ᠳ᠋ᠦᠩᠨᠡᠬᠦ ᠵᠡᠷᠭᠡ ᠬᠤᠯᠪᠣᠭᠳᠠᠯ ᠪᠦᠬᠦᠢ ᠠᠵᠢᠯ ᠳᠤ ᠱᠠᠭᠠᠷᠳᠠᠯᠭ᠎ᠠ ᠳᠤᠷᠠᠳᠪᠠ᠃ | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠡᠭᠦᠨ ᠳᠤ ᠡᠩᠨᠡᠭᠡᠨ ᠤ ᠪᠠᠲᠤᠯᠠᠭ᠎ᠠ᠂ ᠲᠣᠨᠤᠭ | ᠲᠥᠬᠦᠭᠡᠷᠦᠮᠵᠢ ᠡᠳ᠋ ᠪᠣᠳᠠᠰ ᠤᠨ ᠪᠠᠲᠤᠯᠠᠭ᠎ᠠ᠂ ᠪᠡᠯᠡ ᠮᠥᠩᠭᠦᠨ ᠤ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠪᠣᠯᠪᠠᠰᠤᠷᠠᠯ ᠬᠥᠮᠦᠵᠢᠯ᠂ ᠬᠠᠷᠢᠭᠤᠴᠠᠯᠭ᠎ᠠ ᠬᠢᠭᠡᠳ ᠱᠠᠩᠨᠠᠯ ᠲᠣᠷᠭᠠᠭᠤᠯᠢ | ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠭᠤᠯᠭ᠎ᠠ ᠶᠢ ᠪᠠᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠪᠠ ᠠᠵᠢᠯ ᠲᠥᠷᠥᠯ ᠤᠨ ᠡᠮᠬᠢ ᠳᠢᠭᠯᠢᠮ ᠲᠠᠢ ᠲᠣᠭᠲᠠᠭᠤᠨ ᠪᠠᠶᠢᠬᠤ ᠶᠢ | ᠦᠨᠡᠨ ᠬᠦ ᠪᠠᠲᠤᠯᠠᠨ᠎ᠠ᠃ | ︵ᠲᠤᠯᠤᠭ᠎ᠠ︶ ᠳᠠᠭᠠᠯᠳᠤᠭᠤᠯᠤᠭᠰᠠᠨ ᠳᠦᠷᠢᠮ ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ᠂ ᠪᠡᠯᠡᠳᠬᠡᠯ | ᠲᠥᠰᠥᠯ ᠢ ᠲᠣᠭᠲᠠᠭᠠᠬᠤ ᠪᠠ ᠲᠠᠶᠢᠯᠪᠤᠷᠢᠯᠠᠬᠤ᠂ ᠪᠡᠯᠡᠳᠬᠡᠯ ᠲᠥᠰᠥᠯ ᠢ ᠬᠡᠷᠡᠭᠵᠢᠭᠦᠯᠬᠦ ᠴᠠᠭ᠂ ᠨᠡᠷ᠎ᠡ ᠲᠣᠮᠢᠶ᠎ᠠ ᠶᠢ | ᠲᠠᠶᠢᠯᠪᠤᠷᠢᠯᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | |