ᠳᠠᠷᠤᠮᠠᠯᠯᠠᠭᠰᠠᠨ ᠭᠡᠷᠢᠶᠡᠰ ᠬᠠᠤᠯᠢ ᠶᠢᠨ ᠬᠦᠴᠦᠨ ᠲᠠᠢ ᠦᠦ︖
ᠨᠡᠶᠢᠲᠡᠯᠡᠭᠰᠡᠨ ᠴᠠᠭ᠄
2023/1/5
   ᠳᠠᠷᠤᠮᠠᠯᠯᠠᠭᠰᠠᠨ ᠭᠡᠷᠢᠶᠡᠰ ᠬᠠᠤᠯᠢ ᠶᠢᠨ ᠬᠦᠴᠦᠨ ᠲᠠᠢ ᠦᠦ︖     ᠬᠡᠷᠡᠭ ᠤᠨ ᠵᠢᠱᠢᠶ᠎ᠡ      ᠬᠠᠨ ᠠᠪᠤᠭᠠᠢ ᠪᠣᠯ ᠭᠡᠷ ᠲᠡᠭᠡᠨ ᠤᠳᠬᠤᠨ ᠬᠦᠦ᠂ ᠠᠪᠤ ᠨᠢ ᠡᠪᠡᠳᠴᠢᠯᠡᠭᠰᠡᠨ ᠦᠶ᠎ᠡ ᠳᠤ ᠦᠷᠭᠦᠯᠵᠢ ᠬᠠᠵᠠᠭᠤ ᠳᠤ ᠨᠢ ᠬᠠᠷᠠᠭᠠᠯᠵᠠᠳᠠᠭ᠃ ᠬᠠᠨ ᠠᠪᠤᠭᠠᠢ ᠶᠢᠨ ᠡᠴᠢᠭᠡ ᠨᠢ ᠠᠮᠢᠳᠤ ᠪᠠᠶᠢᠬᠤ ᠳᠠᠭᠠᠨ ᠭᠡᠷᠢᠶᠡᠰ ᠦᠯᠡᠳᠡᠭᠡᠵᠦ᠂ ᠲᠡᠭᠦᠨ ᠤ ᠨᠡᠷ᠎ᠡ ᠳᠡᠭᠡᠷᠡᠬᠢ ᠭᠡᠷ ᠪᠠᠶᠢᠰᠢᠩ ᠢ ᠬᠠᠨ ᠠᠪᠤᠭᠠᠢ ᠳᠤ ᠭᠠᠭᠴᠠᠭᠠᠷ ᠲᠤᠨᠢ ᠵᠠᠯᠭᠠᠮᠵᠢᠯᠠᠭᠤᠯᠬᠤ ᠪᠠᠷ ᠵᠢᠭᠠᠨ ᠲᠣᠭᠲᠠᠭᠠᠵᠠᠢ᠃ ᠡᠨᠡ ᠬᠦ ᠭᠡᠷᠢᠶᠡᠰ ᠤᠨ ᠠᠭᠤᠯᠭ᠎ᠠ ᠶᠢ ᠺᠣᠮᠫᠢᠦ᠋ᠲ᠋ᠧᠷ ᠢᠶᠠᠷ ᠮᠠᠰᠢᠨᠳᠠᠵᠦ ᠳᠠᠷᠤᠮᠠᠯᠯᠠᠵᠤ ᠦᠯᠡᠳᠡᠬᠡᠵᠠᠢ᠂ ᠥᠪ ᠵᠠᠯᠭᠠᠮᠵᠢᠯᠠᠭᠤᠯᠤᠭᠴᠢ ᠭᠡᠷᠢᠶᠡᠰ ᠦᠯᠡᠳᠡᠭᠡᠬᠦ ᠦᠶ᠎ᠡ ᠳᠤ ᠠᠰᠢᠭ ᠬᠤᠣᠷ ᠤᠨ ᠬᠠᠷᠢᠴᠠᠭ᠎ᠠ ᠦᠭᠡᠢ ᠬᠤᠶᠠᠷ ᠭᠡᠷᠡᠴᠢᠯᠡᠭᠴᠢ ᠠᠬᠤᠢ ᠲᠠᠯᠠᠪᠤᠷ ᠲᠤ ᠭᠡᠷᠡᠴᠢᠯᠡᠵᠡᠢ᠃ ᠭᠡᠷᠢᠶᠡᠰ ᠤᠨ ᠪᠥᠬᠦ ᠠᠭᠤᠯᠭ᠎ᠠ ᠨᠢ ᠵᠥᠪᠬᠡᠨ ᠨᠢᠭᠡ ᠯᠡ ᠬᠠᠭᠤᠳᠠᠰᠤ ᠪᠠᠶᠢᠵᠤ᠂ ᠥᠪ ᠵᠠᠯᠭᠠᠮᠵᠢᠯᠠᠭᠤᠯᠤᠭᠴᠢ ᠵᠢᠴᠢ ᠬᠤᠶᠠᠷ ᠭᠡᠷᠡᠴᠢᠯᠡᠭᠴᠢ ᠬᠥᠮᠦᠨ ᠪᠦᠷ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠵᠤ᠂ ᠡᠳᠦᠷ ᠬᠤᠭᠤᠴᠠᠭ᠎ᠠ ᠶᠢ ᠲᠤᠲᠤᠷᠬᠠᠶᠢᠯᠠᠭᠰᠠᠨ ᠤ ᠬᠠᠮᠲᠤ ᠳᠦᠷᠰᠦ ᠰᠢᠩᠭᠡᠭᠡᠯᠲᠡ ᠬᠢᠵᠦ ᠭᠡᠷᠡᠴᠢᠯᠡᠵᠡᠢ᠃    ᠡᠨᠡ ᠬᠤᠪᠢ ᠲᠠᠷᠣᠮᠠᠯᠯᠠᠭᠰᠠᠨ ᠭᠡᠷᠢᠶᠡᠰ ᠨᠢ ᠬᠠᠤᠯᠢ ᠶᠢᠨ ᠬᠦᠴᠦᠨ ᠲᠠᠢ ᠦᠦ︖    ᠬᠠᠤᠯᠢ ᠢᠶᠠᠷ ᠲᠠᠶᠢᠯᠪᠤᠷᠢᠯᠠᠬᠤ ᠨᠢ ᠬᠦᠴᠦᠨ ᠲᠠᠢ᠃    ᠢᠷᠭᠡᠨ ᠤ ᠬᠠᠤᠯᠢ ᠶᠢᠨ ᠪᠢᠴᠢᠭ ᠤᠨ ᠵᠠᠭᠤ ᠭᠤᠴᠢᠨ ᠵᠢᠷᠭᠤᠳᠤᠭᠠᠷ ᠵᠦᠢᠯ ᠳᠤ᠂ ᠭᠡᠷᠢᠶᠡᠰ ᠢ ᠳᠠᠷᠤᠮᠠᠯᠯᠠᠬᠤ ᠳᠤ ᠬᠤᠶᠠᠷ ᠠᠴᠠ ᠳᠡᠭᠡᠭᠰᠢ ᠭᠡᠷᠡᠴᠢᠯᠡᠭᠴᠢ ᠠᠬᠤᠢ ᠲᠠᠯᠠᠪᠤᠷ ᠲᠤ ᠭᠡᠷᠡᠴᠢᠯᠡᠬᠦ ᠬᠡᠷᠡᠭᠲᠡᠢ᠃ ᠭᠡᠷᠢᠶᠡᠰ ᠦᠯᠡᠳᠡᠭᠡᠭᠴᠢ ᠪᠠ ᠭᠡᠷᠡᠴᠢᠯᠡᠭᠴᠢ ᠭᠡᠷᠢᠶᠡᠰ ᠤᠨ ᠬᠠᠭᠤᠳᠠᠰᠤ ᠪᠦᠷᠢ ᠳᠤ ᠭᠠᠷ ᠤᠨ ᠦᠰᠦᠭ ᠢᠶᠠᠨ ᠵᠢᠷᠤᠵᠤ᠂ ᠣᠨ᠂ ᠰᠠᠷ᠎ᠠ᠂ ᠡᠳᠦᠷ ᠢ ᠲᠣᠳᠣᠷᠬᠠᠢ ᠪᠢᠴᠢᠬᠦ ᠬᠡᠷᠡᠭᠲᠡᠢ ᠭᠡᠵᠦ ᠲᠣᠭᠲᠠᠭᠠᠵᠠᠢ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号