︽ᠸᠠᠺᠼᠢᠨ ᠳᠠᠷᠢᠬᠤ ᠨᠢ ᠨᠢᠭᠡ ᠤᠳᠠᠭ᠎ᠠ ᠬᠠᠯᠳᠠᠪᠤᠷᠢᠯᠠᠬᠤ ᠶᠢ ᠬᠥᠷᠬᠦ ᠥᠬᠡᠶ︾ ᠦᠦ︖ ᠬᠠᠷᠢᠭᠤᠯᠲᠠ ᠢᠷᠡᠪᠡ︕
ᠨᠡᠶᠢᠲᠡᠯᠡᠭᠰᠡᠨ ᠴᠠᠭ᠄
2023/1/5
    12 ᠰᠠᠷ᠎ᠠ ᠶᠢᠨ 13 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠠᠰᠠᠭᠤᠯᠲᠠ᠄ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠬᠢᠬᠦ ᠨᠢ ᠨᠢᠭᠡ ᠤᠳᠠᠭ᠎ᠠ ᠬᠠᠯᠳᠠᠪᠤᠷᠢᠯᠠᠬᠤ ᠶᠢ ᠬᠥᠷᠬᠦ ᠥᠬᠡᠶ ᠦᠦ︖     ᠬᠠᠷᠢᠭᠤᠯᠲᠠ᠄ ᠬᠦᠨᠳᠦ ᠡᠪᠡᠳᠴᠢᠯᠡᠬᠦ᠂ ᠥᠭᠦᠬᠦ ᠠᠶᠤᠯ ᠲᠠᠢ ᠪᠣᠯᠬᠤ ᠨᠢ ᠸᠠᠺᠼᠢᠨ ᠳᠠᠷᠢᠭᠰᠠᠨ ᠥᠬᠡᠶ ᠲᠠᠢ ᠬᠤᠯᠪᠤᠭ᠎ᠠ ᠲᠠᠢ᠃    ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠠᠷᠢᠮ ᠰᠤᠷᠪᠤᠯᠵᠢᠯᠠᠭᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠳᠠᠷᠢᠬᠤ ᠨᠢ ᠤᠷᠢᠳᠴᠢᠯᠠᠨ ᠰᠡᠷᠭᠡᠶᠢᠯᠡᠭᠰᠡᠨ ᠦᠷ᠎ᠡ ᠪᠦᠲᠦᠮᠵᠢ ᠥᠬᠡᠶ ᠮᠥᠷᠲᠡᠭᠡᠨ ᠳᠠᠬᠢᠨ ᠳᠠᠪᠲᠠᠨ ᠬᠠᠯᠳᠠᠪᠤᠷᠢᠯᠠᠬᠤ ᠶᠢ ᠬᠤᠷᠢᠭᠯᠠᠵᠤ ᠳᠡᠶᠢᠯᠬᠦ ᠥᠬᠡᠶ ᠪᠠᠶᠢᠨ᠎ᠠ᠂ ᠴᠢᠨᠠᠭᠰᠢᠯᠠᠪᠠᠯ ᠨᠢᠭᠡ ᠤᠳᠠᠭ᠎ᠠ ᠬᠠᠯᠳᠠᠪᠤᠷᠢᠯᠠᠭᠰᠠᠨ ᠤ ᠳᠠᠷᠠᠭ᠎ᠠ ᠬᠠᠷᠢᠨ ᠡᠰᠡᠷᠭᠦᠴᠡᠭᠴᠢ ᠡᠭᠦᠰᠴᠦ ᠮᠡᠳᠡᠨ᠎ᠡ ᠭᠡᠵᠦ ᠦᠵᠡᠵᠦ ᠪᠠᠶᠢᠬᠤ ᠶᠢ ᠪᠢᠳᠡ ᠠᠩᠬᠠᠷᠤᠯ ᠳᠠᠭᠠᠨ ᠠᠪᠴᠠᠢ᠂ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠬᠢᠬᠦ ᠴᠢᠬᠤᠯᠠ ᠥᠬᠡᠶ ᠭᠡᠵᠦ ᠬᠦᠮᠤᠰ ᠦᠵᠡᠵᠦ ᠪᠠᠶᠢᠨ᠎ᠠ ᠭᠡᠵᠡᠢ᠃     ᠸᠠᠩ ᠬᠤᠸᠠ ᠴᠢᠩ ᠢᠯᠡᠷᠬᠡᠶᠢᠯᠡᠬᠦ ᠳᠡᠭᠡᠨ᠂ ᠸᠠᠺᠼᠢᠨ ᠳᠠᠷᠢᠪᠠᠯ ᠬᠠᠯᠳᠠᠪᠤᠷᠢᠯᠠᠯ ᠢ ᠰᠡᠷᠭᠡᠶᠢᠯᠡᠵᠦ ᠪᠣᠯᠬᠤ ᠮᠦᠷᠲᠡᠭᠡᠨ ᠪᠠᠰᠠ ᠡᠪᠡᠳᠴᠢᠨ ᠡᠭᠦᠰᠬᠦ ᠶᠢ ᠰᠡᠷᠭᠡᠶᠢᠯᠡᠵᠦ ᠪᠣᠯᠤᠨ᠎ᠠ᠂ ᠪᠠᠰᠠ ᠬᠦᠨᠳᠦ ᠡᠪᠡᠳᠴᠢᠯᠡᠬᠦ ᠪᠠ ᠥᠭᠦᠬᠦ ᠶᠢ ᠰᠡᠷᠭᠡᠶᠢᠯᠡᠵᠦ ᠪᠣᠯᠤᠨ᠎ᠠ ᠭᠡᠵᠡᠶ᠃ ᠣᠳᠣᠬᠠᠨ ᠳᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠠᠯᠳᠠᠪᠤᠷᠢᠯᠠᠯ ᠢ ᠰᠡᠷᠭᠡᠶᠢᠯᠡᠬᠦ ᠪᠤᠶᠤ ᠡᠪᠡᠳᠴᠢᠨ ᠡᠭᠦᠰᠬᠦ ᠶᠢ ᠰᠡᠷᠭᠡᠶᠢᠯᠡᠬᠦ ᠲᠠᠯ᠎ᠠ ᠪᠠᠷ ᠬᠢ ᠦᠷ᠎ᠡ ᠪᠦᠲᠦᠮᠵᠢ ᠨᠢ ᠪᠢᠳᠡᠨ ᠤ ᠬᠦᠰᠡᠭᠰᠡᠨ ᠰᠢᠭ ᠲᠡᠶᠢᠮᠦ ᠬᠠᠨᠤᠮᠵᠢᠲᠠᠶ ᠪᠢᠰᠢ ᠪᠠᠶᠢᠨ᠎ᠠ᠂ ᠭᠡᠪᠡᠴᠦ ᠲᠡᠭᠦᠨ ᠤ ᠬᠦᠨᠳᠦ ᠡᠪᠡᠳᠴᠢᠯᠡᠬᠦ ᠶᠢ ᠰᠡᠷᠭᠡᠶᠢᠯᠡᠬᠦ ᠪᠠ ᠥᠭᠦᠬᠦ ᠶᠢ ᠰᠡᠷᠭᠡᠶᠢᠯᠡᠬᠦ ᠦᠷ᠎ᠡ ᠪᠦᠲᠦᠮᠵᠢ ᠨᠢ ᠮᠥᠨ ᠬᠦ ᠮᠠᠰᠢ ᠢᠯᠡᠷᠬᠡᠶ ᠪᠠᠶᠢᠨ᠎ᠠ᠂ ᠡᠨᠡ ᠨᠢ ᠳᠠᠷᠤᠶ ᠣᠲᠣ ᠪᠥᠬᠦ ᠳᠡᠯᠡᠬᠡᠶ ᠪᠠᠷ ᠢᠶᠠᠨ ᠴᠥᠮ ᠸᠠᠺᠼᠢᠨ ᠤ ᠲᠠᠷᠢᠯᠭ᠎ᠠ ᠶᠢ ᠠᠬᠢᠭᠤᠯᠵᠤ ᠪᠠᠶᠢᠬᠤ ᠶᠢᠨ ᠭᠤᠤᠯ ᠰᠢᠯᠲᠠᠭᠠᠨ ᠪᠣᠯᠤᠨ᠎ᠠ᠃ ᠶᠡᠭᠡ ᠬᠡᠮᠵᠢᠶᠡᠨ ᠤ ᠬᠢᠨᠠᠨ ᠬᠡᠮᠵᠢᠯᠲᠡ ᠪᠠ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠸᠠᠺᠼᠢᠨ ᠤ ᠲᠠᠷᠢᠯᠭ᠎ᠠ ᠬᠢᠬᠦ ᠥᠬᠡᠶ ᠪᠣᠯ᠂ ᠢᠯᠠᠩᠭᠤᠶ᠎ᠠ ᠨᠠᠰᠤᠲᠠᠶᠢᠴᠤᠳ ᠵᠢᠴᠢ ᠤᠳᠠᠭᠠᠨ ᠴᠢᠨᠠᠷᠲᠠᠶ ᠰᠠᠭᠤᠷᠢ ᠴᠢᠨᠠᠷᠲᠠᠶ ᠡᠪᠡᠳᠴᠢᠨ ᠲᠠᠢ ᠬᠥᠮᠦᠰ ᠤᠨ ᠳᠣᠲᠣᠷ᠎ᠠ᠂ ᠬᠦᠨᠳᠦ ᠡᠪᠡᠳᠴᠢᠲᠡᠨ ᠴᠦ ᠲᠡᠷᠡ ᠥᠭᠦᠬᠦ ᠲᠦᠭᠰᠢᠭᠦᠷᠢ ᠲᠠᠢ ᠴᠦ ᠲᠡᠷᠡ᠂ ᠸᠠᠺᠼᠢᠨ ᠤ ᠲᠠᠷᠢᠯᠭ᠎ᠠ ᠬᠢᠭᠰᠡᠨ ᠬᠥᠮᠦᠰ ᠲᠠᠢ ᠬᠠᠷᠢᠴᠠᠭᠤᠯᠪᠠᠯ ᠦᠬᠦᠬᠦ ᠬᠠᠷᠢᠴᠠᠯ ᠴᠥᠮ ᠮᠠᠰᠢ ᠥᠨᠳᠥᠷ ᠪᠠᠶᠢᠳᠠᠭ᠃     ᠡᠨᠡ ᠬᠦ ᠠᠶᠤᠯ ᠲᠦᠭᠰᠢᠭᠦᠷᠢ ᠨᠢ ᠸᠠᠺᠼᠢᠨ ᠤ ᠲᠠᠷᠢᠯᠭ᠎ᠠ ᠬᠢᠭᠰᠡᠨ ᠥᠬᠡᠶ ᠲᠠᠢ ᠨᠢᠭᠳᠠ ᠬᠤᠯᠪᠤᠭ᠎ᠠ ᠲᠠᠢ ᠪᠠᠶᠢᠨ᠎ᠠ᠂ ᠡᠶᠢᠮᠦ ᠪᠠᠶᠢᠳᠠᠯ ᠳᠤᠤᠷ᠎ᠠ᠂ ᠬᠡᠷᠪᠡ ᠪᠥᠬᠦ ᠶᠠᠪᠤᠴᠠ ᠳᠤ ᠸᠠᠺᠼᠢᠨ ᠤ ᠲᠠᠷᠢᠯᠭ᠎ᠠ ᠬᠢᠬᠦ ᠪᠤᠶᠤ ᠸᠠᠺᠼᠢᠨ ᠤ ᠲᠠᠷᠢᠯᠭ᠎ᠠ ᠶᠢ ᠴᠢᠩᠭᠠᠳᠬᠠᠪᠠᠯ᠂ ᠡᠨᠡ ᠬᠦ ᠠᠶᠤᠯ ᠲᠦᠭᠰᠢᠭᠦᠷᠢ ᠶᠢ ᠶᠡᠭᠡ ᠪᠠᠷ ᠪᠠᠭᠤᠷᠠᠭᠤᠯᠬᠤ ᠪᠣᠯᠤᠨ᠎ᠠ᠃ ᠪᠢᠳᠡ ᠸᠠᠺᠼᠢᠨ ᠤ ᠲᠠᠷᠢᠯᠭ᠎ᠠ ᠬᠢᠬᠦ ᠪᠠᠷ ᠳᠡᠮᠵᠢᠨ ᠡᠨᠡ ᠬᠦ ᠠᠶᠤᠯ ᠲᠦᠭᠰᠢᠭᠦᠷᠢ ᠶᠢ ᠪᠠᠭᠤᠷᠠᠭᠤᠯᠵᠤ᠂ ᠨᠠᠰᠤᠲᠠᠶ ᠬᠥᠮᠦᠨ ᠢ ᠪᠠᠭᠲᠠᠭᠠᠭᠰᠠᠨ ᠪᠠᠭᠤᠷᠠᠶ ᠬᠥᠮᠦᠰ ᠢ ᠬᠠᠮᠠᠭᠠᠯᠠᠬᠤ ᠬᠡᠷᠡᠭᠲᠡᠶ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号