ᠤᠮᠢᠺᠷᠤᠨ ᠳᠤ ᠬᠠᠯᠳᠠᠪᠤᠷᠢᠯᠠᠭᠰᠠᠨ ᠤ ᠳᠠᠷᠠᠭ᠎ᠠ᠂ ᠥᠳᠥᠭᠡᠭᠴᠢ ᠶᠢ ᠬᠡᠳᠦᠶ ᠳᠤ ᠬᠡᠮᠵᠢᠵᠦ ᠭᠠᠷᠭᠠᠬᠤ ᠪᠤᠢ︖
ᠨᠡᠶᠢᠲᠡᠯᠡᠭᠰᠡᠨ ᠴᠠᠭ᠄
2023/1/5
    ᠥᠳᠥᠭᠡᠭᠴᠢ ᠶᠢ ᠰᠢᠯᠭᠠᠨ ᠪᠠᠶᠢᠴᠠᠭᠠᠬᠤ ᠬᠤᠷᠳᠤᠴᠠ ᠨᠢ ᠨᠡᠩ ᠲᠦᠷᠭᠡᠨ᠂ ᠬᠡᠷᠡᠭᠯᠡᠬᠦ ᠳᠤ ᠨᠡᠩ ᠳᠥᠭᠦᠮ ᠳᠥᠲᠡ ᠪᠠᠶᠢᠳᠠᠭ ᠪᠤᠯᠪᠠᠴᠤ ᠡᠩ ᠤᠨ ᠪᠠᠶᠢᠳᠠᠯ ᠲᠤᠤᠷ᠎ᠠ᠂ ᠸᠢᠷᠦ᠋ᠰ ᠢ ᠨᠡᠯᠢᠶᠡᠳ ᠳᠡᠭᠡᠳᠤ ᠲᠦᠪᠰᠢᠨ ᠳᠤ ᠬᠦᠷᠲᠡᠯ᠎ᠡ ᠬᠠᠭᠤᠯᠪᠤᠷᠢᠯᠠᠵᠤ᠂ ᠬᠠᠯᠳᠠᠪᠤᠷᠢᠯᠠᠭᠰᠠᠳ ᠤᠨ ᠬᠤᠤᠷ ᠭᠠᠳᠠᠭᠰᠢᠯᠠᠭᠤᠯᠬᠤ ᠬᠡᠮᠵᠢᠶ᠎ᠡ ᠨᠡᠯᠢᠶᠡᠳ ᠶᠡᠭᠡ ᠪᠠᠶᠢᠬᠤ ᠦᠶ᠎ᠡ ᠳᠤ ᠰᠠᠶ᠋ᠢ ᠥᠳᠥᠭᠡᠭᠴᠢ ᠶᠢ ᠪᠠᠶᠢᠴᠠᠭᠠᠨ ᠭᠠᠷᠭᠠᠵᠤ ᠪᠣᠯᠤᠨ᠎ᠠ᠃ ᠡᠬᠢᠨ ᠤ ᠬᠤᠭᠤᠴᠠᠭᠠᠨ ᠳᠤ᠂ ᠬᠠᠯᠳᠠᠪᠤᠷᠢᠯᠠᠭᠰᠠᠳ ᠬᠡᠳᠦ᠋ᠢᠪᠡᠷ ᠬᠥᠩᠭᠡᠪᠲᠦᠷ ᠡᠪᠡᠳᠴᠢᠨ ᠤ ᠢᠯᠡᠷᠡᠯ ᠭᠠᠷᠤᠭᠰᠠᠨ ᠴᠤ᠂ ᠸᠢᠷᠦ᠋ᠰ ᠠᠴᠢᠶᠠᠯᠠᠬᠤ ᠬᠡᠮᠵᠢᠶ᠎ᠡ ᠳᠤᠤᠷ᠎ᠠ ᠪᠣᠯᠬᠤᠷ᠂ ᠥᠳᠥᠭᠡᠭᠴᠢ ᠶᠢᠨ ᠪᠠᠶᠢᠴᠠᠭᠠᠯᠲᠠ ᠨᠢ ᠠᠷᠭ᠎ᠠ ᠴᠢᠨᠠᠷᠲᠠᠶ ᠪᠢᠰᠢ ᠪᠠᠶᠢᠵᠤ ᠮᠡᠳᠡᠨ᠎ᠡ᠃ ᠤᠮᠢᠺᠷᠤᠨ ᠤ ᠨᠢᠭᠤᠭᠳᠠᠮᠠᠯ ᠬᠤᠭᠤᠴᠠᠭᠠᠨ ᠤ ᠵᠢᠱᠢᠯᠲᠡ ᠶᠢ ᠦᠨᠳᠦᠰᠦᠯᠡᠪᠡᠯ᠂ ᠡᠩ ᠤᠨ ᠬᠠᠯᠳᠠᠪᠤᠷᠢᠯᠠᠯ ᠢ 2 ᠠᠴᠠ 3 ᠡᠳᠦᠷ ᠤᠨ ᠳᠠᠷᠠᠭ᠎ᠠ ᠪᠠᠶᠢᠴᠠᠭᠠᠨ ᠭᠠᠷᠭᠠᠵᠤ ᠪᠣᠯᠤᠨ᠎ᠠ᠃ ᠬᠡᠰᠡᠭ ᠬᠠᠯᠳᠠᠪᠤᠷᠢᠯᠠᠭᠰᠠᠳ ᠢᠯᠠᠩᠭᠤᠶ᠎ᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠤᠨ ᠸᠢᠷᠦ᠋ᠰ ᠠᠴᠢᠶᠠᠯᠠᠬᠤ ᠬᠡᠮᠵᠢᠶ᠎ᠡ ᠨᠢ ᠦᠷᠭᠦᠯᠵᠢᠯᠡᠨ ᠨᠡᠯᠢᠶᠡᠳ ᠳᠤᠤᠷ᠎ᠠ ᠪᠠᠶᠢᠬᠤ ᠵᠡᠷᠭᠡ ᠰᠢᠯᠲᠠᠭᠠᠨ ᠠᠴᠠ ᠪᠣᠯᠵᠣ᠂ 5 ᠡᠳᠦᠷ ᠴᠢᠨᠠᠭᠰᠢᠯᠠᠪᠠᠯ ᠨᠠᠩ ᠣᠷᠳᠣ ᠬᠤᠭᠤᠴᠠᠭᠠᠨ ᠤ ᠳᠠᠷᠠᠭ᠎ᠠ ᠰᠠᠶ᠋ᠢ ᠪᠠᠶᠢᠴᠠᠭᠠᠨ ᠭᠠᠷᠭᠠᠵᠤ ᠮᠡᠳᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号