︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/1/6
     ᠠᠵᠢᠯ ᠤᠨ ᠱᠠᠭᠠᠷᠳᠠᠯᠭ᠎ᠠ ᠶᠣᠰᠣᠭᠠᠷ᠂ ᠡᠳᠦᠭᠡ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠲᠥᠷᠥ ᠶᠢᠨ ᠪᠣᠳᠣᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄    ᠨᠢᠭᠡ᠂ ᠠᠬᠤᠢ ᠪᠠᠶᠢᠳᠠᠯ ᠪᠠ ᠠᠴᠢ ᠬᠤᠯᠪᠣᠭᠳᠠᠯ    ᠣᠷᠣᠯᠭ᠎ᠠ ᠪᠣᠯ ᠮᠠᠯᠴᠢᠨ ᠲᠠᠷᠢᠶᠠᠴᠢᠨ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠬᠡᠮᠵᠢᠬᠦ ᠬᠠᠮᠤᠭ ᠤᠨ ᠭᠤᠤᠯᠳᠠᠯᠭ᠎ᠠ᠂ ᠬᠠᠮᠤᠭ ᠤᠨ ᠰᠠᠭᠤᠷᠢ  ᠭᠦᠢᠴᠡᠳᠭᠡᠯ ᠲᠤᠭ᠎ᠠ ᠪᠣᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠣᠷᠣᠯᠭ᠎ᠠ ᠶᠢᠨ ᠵᠦᠷᠢᠶ᠎ᠡ ᠶᠢ ᠲᠠᠰᠤᠷᠠᠯᠲᠠ ᠦᠭᠡᠢ ᠪᠠᠭᠠᠰᠬᠠᠬᠤ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠳᠤ ᠲᠦᠢᠯ ᠤᠨ ᠴᠢᠬᠤᠯᠠ ᠶᠤᠮ᠃ ᠣᠳᠣᠬᠠᠨ ᠳᠤ᠂ ᠠᠭᠤᠰᠬᠢᠨ ᠦᠷᠪᠢᠰᠦᠯ ᠤᠨ ᠰᠢᠨ᠎ᠡ ᠬᠢᠵᠢᠭ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠣ᠂ ᠮᠠᠨ ᠤ ᠠᠶᠢᠮᠠᠭ ᠤᠨ ᠥᠷᠭᠡᠨ ᠣᠯᠠᠨ ᠮᠠᠯᠴᠢᠨ ᠲᠠᠷᠢᠶᠠᠴᠢᠨ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠰᠢᠯᠭᠠᠬᠤ ᠡᠲᠡᠭᠡᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠲᠠᠯ᠎ᠠ ᠪᠠᠷ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠶᠢ ᠲᠠᠰᠤᠷᠠᠯᠲᠠ ᠦᠭᠡᠶ ᠪᠠᠲᠤᠳᠬᠠᠬᠤ ᠶᠢᠨ ᠲᠥᠯᠥᠭᠡ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠮᠠᠯᠴᠢᠨ ᠲᠠᠷᠢᠶᠠᠴᠢᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠤᠯᠤᠰ᠂ ᠪᠥᠬᠦ ᠣᠷᠣᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠮᠠᠨ ᠤ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠲᠠᠢ ᠤᠶᠠᠯᠳᠤᠭᠤᠯᠤᠨ᠂  ᠮᠠᠯᠴᠢᠨ ᠲᠠᠷᠢᠶᠠᠴᠢᠨ ᠲᠦᠮᠡᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ 6  ᠵᠦᠢᠯ ᠤᠨ ᠠᠷᠭ᠎ᠠ ᠬᠡᠮᠵᠢᠶ᠎ᠡ ᠶᠢ ᠲᠥᠯᠥᠪᠯᠡᠨ ᠲᠣᠭᠲᠠᠭᠠᠪᠠ᠃    ᠬᠤᠶᠠᠷ᠂  ᠭᠤᠣᠯ ᠠᠭᠤᠯᠭ᠎ᠠ    ᠵᠢᠯᠣᠭᠤᠳᠬᠤ ᠰᠠᠨᠠᠯ ᠳᠤ᠂ ᠴᠢᠨᠠᠷ ᠰᠠᠶᠢᠲᠠᠶ ᠬᠦᠷᠢᠶᠡᠨ ᠤ ᠠᠵᠤ ᠠᠬᠤᠶ ᠶᠢ ᠬᠥᠭᠵᠢᠭᠦᠯᠬᠦ᠂ ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠᠷ ᠳᠠᠶᠢᠴᠢᠯᠠᠬᠤ᠂ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ᠂ ᠮᠠᠯ ᠤᠨ ᠡᠭᠦᠯᠳᠡᠷ ᠰᠠᠶᠢᠵᠢᠷᠠᠭᠤᠯᠬᠤ ᠶᠢ ᠳᠡᠮᠵᠢᠬᠦ᠂ ᠠᠵᠢᠯ ᠬᠥᠳᠡᠯᠮᠦᠷᠢ ᠬᠢᠵᠦ ᠠᠵᠢᠯ ᠤᠯᠬᠤ ᠶᠢ ᠳᠡᠮᠵᠢᠬᠦ ᠵᠡᠷᠭᠡ 6 ᠲᠠᠯ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠪᠠᠭᠲᠠᠭᠠᠨ᠎ᠠ᠃ ᠡᠭᠦᠨ ᠳᠤ᠄ ᠴᠢᠨᠠᠷ ᠰᠠᠶᠢᠲᠠᠶ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠬᠦ ᠲᠠᠯ᠎ᠠ ᠪᠠᠷ᠂ ᠮᠠᠯᠵᠢᠬᠤ ᠲᠠᠷᠢᠶᠠᠯᠠᠬᠤ ᠡᠷᠦᠬᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠦᠷᠢᠶ᠎ᠡ ᠬᠠᠰᠢᠶ᠎ᠠ ᠪᠠᠨ ᠠᠰᠢᠭᠯᠠᠨ ᠣᠯᠠᠨ ᠵᠦᠢᠯ ᠤᠨ ᠬᠡᠯᠪᠡᠷᠢ ᠮᠠᠶ᠋ᠢᠭ ᠤᠨ ᠴᠢᠨᠠᠷ ᠰᠠᠶᠢᠲᠠᠶ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠡᠷᠡᠭᠵᠢᠭᠦᠯᠬᠦ ᠶᠢ ᠳᠡᠮᠵᠢᠵᠦ᠂ ᠬᠦᠷᠢᠶ᠎ᠡ ᠬᠠᠰᠢᠶ᠎ᠠ ᠶᠢᠨ ᠳᠣᠲᠣᠷᠠᠬᠢ ᠬᠥᠮᠦᠨ ᠮᠠᠯ ᠢ ᠰᠠᠯᠭᠠᠬᠤ ᠪᠠᠷ ᠭᠤᠤᠯ ᠪᠣᠯᠭᠠᠭᠰᠠᠨ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ  ᠵᠦᠢᠯ᠂ ᠣᠶ ᠰᠢᠭᠤᠶ ᠵᠢᠮᠢᠰ᠂ ᠡᠮ ᠤᠨ ᠮᠠᠲ᠋ᠧᠷᠢᠶᠠᠯ ᠵᠡᠷᠭᠡ ᠣᠯᠠᠨ ᠵᠢᠯ ᠤᠨ ᠲᠤᠷᠰᠢ ᠦᠷᠭᠦᠯᠵᠢᠯᠡᠨ ᠠᠰᠢᠭ ᠭᠥᠷᠳᠡᠵᠦ ᠪᠣᠯᠬᠤ ᠤᠨᠴᠠᠯᠢᠭᠳᠤ ᠲᠠᠷᠢᠮᠠᠯ ᠤᠨ ᠲᠥᠷᠥᠯ  ᠵᠦᠢᠯ ᠤᠨ ᠬᠥᠭᠵᠢᠯᠲᠡ ᠵᠢᠴᠢ ᠠᠵᠤ ᠠᠬᠤᠶ ᠶᠢᠨ ᠦᠷ᠎ᠡ ᠠᠰᠢᠭ ᠢᠶᠠᠷ ᠨᠡᠯᠢᠶᠡᠳ ᠰᠠᠶᠢᠨ ᠢᠳᠡᠰᠢᠨ ᠨᠣᠭᠤᠭ᠎ᠠ ᠶᠢᠨ ᠲᠥᠷᠥᠯ ᠵᠦᠢᠯ ᠤᠨ ᠲᠥᠷᠥᠯ ᠵᠦᠢᠯ ᠢ ᠭᠤᠤᠯᠳᠠᠯᠭ᠎ᠠ ᠲᠠᠢ ᠲᠡᠳᠬᠦᠨ᠎ᠡ᠃ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠲᠠᠯ᠎ᠠ ᠪᠠᠷ᠂ ᠮᠠᠨ ᠤ ᠠᠶᠢᠮᠠᠭ ᠤᠨ ᠠᠭᠤᠷ ᠠᠮᠢᠰᠬᠤᠯ ᠵᠢᠴᠢ ᠣᠷᠣᠰᠢᠨ ᠲᠣᠭᠲᠠᠨᠢᠬᠤ ᠨᠥᠬᠦᠴᠡᠯ ᠲᠠᠢ ᠤᠶᠠᠯᠳᠤᠭᠤᠯᠤᠨ᠂ ᠤᠨᠠᠯᠲᠠ ᠪᠠᠭᠠᠲᠠᠶ ᠣᠶ ᠰᠢᠭᠤᠶ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠵᠦ᠂ ᠲᠤᠬᠠᠶᠢᠯᠠᠪᠠᠯ ᠳᠣᠣᠷ᠎ᠠ ᠤᠨᠠᠯᠲᠠ ᠲᠠᠢ ᠣᠶ ᠰᠢᠭᠤᠶ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠭᠠᠴᠠᠭ᠎ᠠ ᠲᠣᠰᠬᠤᠨ ᠳᠤ ︽ᠳᠣᠣᠷ᠎ᠠ ᠤᠰᠤ ᠶᠢ ᠥᠨᠳᠥᠷ ᠲᠠᠳᠠᠬᠤ᠂ ᠤᠰᠤ ᠶᠢ ᠲᠠᠲᠠᠵᠤ ᠠᠭᠤᠯᠠᠨ ᠳᠤ ᠭᠠᠷᠭᠠᠬᠤ︾ ᠵᠡᠷᠭᠡ ᠮᠡᠷᠭᠡᠵᠢᠯ ᠤᠨ ᠠᠷᠭ᠎ᠠ ᠮᠠᠶ᠋ᠢᠭ ᠪᠠ ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠲᠣᠰᠬᠤᠨ ᠤ ᠱᠠᠲᠤᠨ ᠳᠤ ᠬᠡᠷᠡᠭᠵᠢᠭᠦᠯᠬᠦ᠂ ᠮᠣᠳᠣ ᠶᠢ ᠭᠠᠵᠠᠷ ᠪᠣᠯᠭᠠᠨ ᠳᠤ ᠤᠷᠭᠤᠭᠤᠯᠬᠤ᠂ ᠣᠶ ᠮᠣᠳᠣᠨ ᠤ ᠡᠷᠬᠡ ᠶᠢ ᠬᠤᠪᠢᠷᠠᠭᠤᠯᠬᠤ ᠦᠭᠡᠶ᠂ ᠬᠡᠨ ᠣᠶᠢᠵᠢᠭᠤᠯᠪᠠᠯ ᠬᠡᠨ ᠬᠠᠮᠢᠶᠠᠷᠬᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ︾ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ ᠤᠨᠠᠯᠲᠠ ᠪᠠᠭᠠᠲᠠᠶ ᠣᠶ ᠰᠢᠭᠤᠶ ᠶᠢᠨ ᠥᠭᠡᠷᠡᠴᠢᠯᠡᠯᠲᠡ᠂ ᠠᠵᠤ ᠠᠬᠤᠶ ᠶᠢᠨ ᠣᠶ ᠵᠠᠶᠢᠯᠠᠬᠤ ᠲᠥᠷᠥᠯ ᠵᠦᠢᠯ ᠢ ᠠᠯᠬᠤᠮ ᠠᠯᠬᠤᠮ ᠢᠶᠠᠷ ᠳᠡᠯᠭᠡᠷᠡᠭᠦᠯᠦᠨ ᠬᠡᠷᠡᠭᠵᠢᠭᠦᠯᠵᠦ᠂ ᠮᠠᠨ  ᠤ ᠠᠶᠢᠮᠠᠭ  ᠤᠨ ᠠᠭᠤᠷ ᠠᠮᠢᠰᠬᠤᠯ ᠪᠣᠯᠤᠨ ᠣᠷᠴᠢᠨ ᠲᠣᠭᠤᠷᠢᠨ  ᠤ ᠨᠥᠬᠦᠴᠡᠯ  ᠳᠤ ᠨᠡᠶᠢᠴᠡᠬᠦ ᠥᠭᠡᠷᠡᠴᠢᠯᠡᠯᠲᠡ ᠶᠢᠨ ᠵᠠᠭᠪᠤᠷ ᠶᠢ ᠭᠤᠣᠯᠳᠠᠯᠭ᠎ᠠ ᠲᠠᠢ ᠳᠡᠯᠭᠡᠷᠡᠭᠦᠯᠬᠦ ᠶᠢᠨ ᠬᠠᠮᠲᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ  ᠮᠠᠶ᠋ᠢᠭ  ᠢ ᠠᠪᠴᠤ ᠪᠠᠶᠢᠭᠠᠳ ᠲᠠᠷᠢᠶᠠᠴᠢᠨ ᠤᠯᠠᠨ ᠲᠦᠮᠡᠨ ᠢ ᠣᠶᠢᠵᠢᠭᠤᠯᠬᠤ᠂ ᠤᠢ ᠰᠢᠭᠤᠶ ᠶᠢ ᠬᠠᠮᠠᠭᠠᠯᠠᠬᠤ᠂ ᠤᠢ ᠰᠢᠭᠤᠶ ᠶᠢ ᠡᠵᠡᠩᠨᠡᠬᠦ ᠡᠯ᠎ᠡ ᠭᠤᠭᠴᠤᠭ᠎ᠠ ᠳᠤ ᠣᠷᠣᠯᠴᠠᠭᠤᠯᠵᠤ᠂ ᠲᠠᠷᠢᠶᠠᠴᠢᠨ ᠮᠠᠯᠴᠢᠳ  ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠶᠢᠴᠢᠯᠠᠬᠤ ᠲᠠᠯ᠎ᠠ ᠪᠠᠷ᠂ ᠬᠥᠲᠥᠴᠢ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ  ᠦᠢᠯᠡᠳᠪᠦᠷᠢ ᠶᠢᠨ ᠲᠠᠰᠤᠭ ᠬᠢᠭᠡᠳ ᠮᠠᠯᠴᠢᠨ ᠲᠠᠷᠢᠶᠠᠴᠢᠨ ᠡᠷᠦᠬᠡ ᠯᠦᠭᠡ ᠠᠵᠢᠯ ᠣᠯᠭᠤᠬᠤ᠂ ᠵᠠᠬᠢᠶᠠᠯᠠᠭ᠎ᠠ ᠪᠠᠷ  ᠦᠢᠯᠡᠳᠪᠦᠷᠢᠯᠡᠬᠦ᠂ ᠨᠠᠶᠢᠳᠠᠨ ᠲᠡᠵᠢᠭᠡᠯᠭᠡᠵᠦ ᠨᠠᠶᠢᠳᠠᠨ ᠬᠠᠮᠢᠶᠠᠷᠤᠭᠤᠯᠬᠤ᠂ ᠪᠦᠲᠦᠭᠡᠭᠳᠡᠬᠦᠨ ᠢ ᠣᠷᠣᠯᠠᠨ ᠪᠣᠷᠣᠯᠠᠭᠤᠯᠬᠤ᠂ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠬᠤ ᠶᠢ ᠳᠡᠮᠵᠢᠨ᠎ᠡ᠃ ᠱᠠᠭᠠᠷᠳᠠᠯᠭ᠎ᠠ ᠳᠤ ᠨᠡᠶᠢᠴᠡᠭᠰᠡᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠳᠤ᠂ ᠨᠥᠬᠦᠪᠥᠷᠢ ᠶᠢᠨ ᠪᠠᠯᠠ ᠮᠥᠩᠭᠦ ᠪᠠᠷ ᠳᠠᠮᠵᠢᠭᠤᠯᠤᠨ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ ᠴᠢᠬᠤᠯᠠ ᠪᠥᠬᠦᠶ ᠲᠣᠭᠲᠠᠮᠠᠯ ᠬᠥᠷᠥᠩᠭᠡ ︵ᠮᠠᠰᠢᠨ ᠲᠥᠬᠦᠭᠡᠷᠦᠮᠵᠢ︶ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠲᠠᠯ᠎ᠠ ᠪᠠᠷ᠂ ᠪᠥᠬᠦ ᠠᠶᠢᠮᠠᠭ ᠤᠨ ᠡᠯ᠎ᠡ ᠰᠤᠮᠤ ᠰᠢᠶᠠᠩ ᠪᠠᠯᠭᠠᠰᠤ ᠳᠤ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ  ᠦᠢᠯᠡᠴᠢᠯᠡᠭᠡ ᠥᠷᠨᠢᠭᠦᠯᠬᠦ ᠶᠢ ᠪᠦᠷᠢᠯᠳᠦᠭᠦᠯᠦᠭᠰᠡᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯ ᠤᠨ ᠬᠤᠷᠰᠢᠶ᠎ᠠ ᠶᠢ ᠰᠣᠩᠭᠤᠵᠤ᠂ ᠬᠠᠷᠢᠶᠠᠲᠤ ᠣᠷᠣᠨ ᠤ ᠳᠣᠲᠣᠷᠠᠬᠢ ᠣᠷᠣᠯᠠᠨ ᠳᠠᠷᠢᠵᠤ ᠣᠷᠣᠯᠠᠨ ᠳᠠᠷᠢᠬᠤ  ᠦᠢᠯᠡᠴᠢᠯᠡᠭᠡ ᠶᠢ ᠭᠥᠯᠢᠶᠡᠨ ᠠᠪᠬᠤ ᠬᠦᠰᠡᠯ ᠲᠠᠢ ᠮᠠᠯᠵᠢᠬᠤ ᠲᠠᠷᠢᠶᠠᠯᠠᠬᠤ ᠡᠷᠦᠬᠡ ᠳᠤ ᠣᠷᠣᠯᠠᠨ ᠳᠠᠷᠢᠵᠤ ᠣᠷᠣᠯᠠᠨ ᠳᠠᠷᠢᠬᠤ ᠦᠢᠯᠡᠴᠢᠯᠡᠭᠡ ᠥᠷᠨᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠬᠤᠷᠰᠢᠶ᠎ᠠ ᠶᠢᠨ ᠵᠣᠬᠢᠬᠤ ᠵᠠᠷᠤᠳᠠᠯ ᠢ ᠥᠭᠴᠦ᠂ ᠣᠯᠤᠭᠰᠠᠨ ᠠᠰᠢᠭ ᠣᠯᠵᠠᠪᠤᠷᠢ ᠶᠢ ᠲᠠᠷᠢᠶᠠᠴᠢᠨ ᠡᠷᠦᠬᠡ ᠳᠤ ᠥᠮᠴᠢᠯᠡᠭᠦᠯᠦᠨ᠎ᠡ᠃ ᠮᠠᠯ ᠤᠨ ᠡᠭᠦᠯᠳᠡᠷ ᠰᠠᠶᠢᠵᠢᠷᠠᠭᠤᠯᠬᠤ ᠶᠢ ᠥᠷᠨᠢᠭᠦᠯᠬᠦ ᠲᠠᠯ᠎ᠠ ᠪᠠᠷ᠂ ᠪᠥᠬᠦ ᠠᠶᠢᠮᠠᠭ ᠤᠨ ᠬᠡᠪᠴᠢᠶᠡᠨ ᠳᠠᠬᠢ ᠰᠠᠭᠤᠷᠢ ᠲᠠᠢ᠂ ᠬᠡᠷᠡᠭᠴᠡᠭᠡ ᠱᠠᠭᠠᠷᠳᠠᠯᠭ᠎ᠠ ᠲᠠᠢ ᠭᠠᠴᠠᠭ᠎ᠠ ᠲᠣᠰᠬᠤᠨ ᠢ ᠳᠡᠮᠵᠢᠵᠦ᠂ ᠬᠥᠯᠳᠡᠭᠡᠵᠦ ᠬᠡᠭᠡᠯᠲᠦᠭᠦᠯᠬᠦ᠂ ᠬᠦᠪᠦᠷᠡᠯ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠮᠠᠯ ᠤᠨ ᠡᠭᠦᠯᠳᠡᠷ ᠰᠠᠶᠢᠵᠢᠷᠠᠭᠤᠯᠬᠤ ᠶᠢ ᠬᠡᠷᠡᠭᠵᠢᠭᠦᠯᠵᠦ᠂ ᠨᠥᠬᠦᠴᠡᠯ ᠲᠠᠢ ᠭᠠᠴᠠᠭ᠎ᠠ ᠲᠣᠰᠬᠤᠨ ᠳᠤ ᠪᠥᠬᠦ ᠲᠣᠰᠬᠤᠨ ᠢᠶᠠᠷ ᠨᠢ ᠳᠥᠯᠭᠢᠨ ᠠᠬᠢᠭᠤᠯᠬᠤ ᠶᠢ ᠬᠡᠷᠡᠭᠵᠢᠭᠦᠯᠦᠨ᠎ᠡ᠃ ᠠᠵᠢᠯ ᠬᠥᠳᠡᠯᠮᠦᠷᠢ ᠬᠢᠵᠦ ᠠᠵᠢᠯ ᠣᠯᠭᠤᠬᠤ ᠶᠢ ᠳᠡᠮᠵᠢᠬᠦ ᠲᠠᠯ᠎ᠠ ᠪᠠᠷ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠬᠥᠲᠥᠴᠢ ᠠᠵᠤ ᠠᠬᠤᠶᠢᠯᠠᠯ ᠤᠨ ᠲᠤᠰ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ︶ ᠶᠢᠨ ᠣᠶᠢᠷ᠎ᠠ ᠬᠠᠪᠢ ᠳᠠᠭᠠᠨ ᠠᠵᠢᠯ ᠤᠯᠬᠤ ᠶᠢ ᠳᠡᠮᠵᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ︶ ᠶᠢᠨ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ᠂ ᠬᠢᠩᠭᠠᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠵᠡᠷᠭᠡ ᠠᠷᠭ᠎ᠠ ᠵᠠᠮ ᠢᠶᠠᠷ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠶᠢ ᠳᠡᠮᠵᠢᠵᠦ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠭᠤᠤᠯ ᠴᠣᠭᠴᠠ ᠶᠢᠨ ᠬᠠᠩᠭᠠᠭᠰᠠᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠨᠢ ᠵᠣᠬᠢᠬᠤ ᠲᠤᠭ᠎ᠠ ᠬᠡᠮᠵᠢᠶ᠎ᠡ ᠳᠤ ᠬᠦᠷᠦᠭᠰᠡᠨ ᠪᠠᠶᠢᠪᠠᠯ ᠵᠣᠬᠢᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠣᠯᠭᠤᠵᠤ᠂ ᠲᠤᠬᠠᠶ ᠶᠢᠨ ᠭᠠᠵᠠᠷ ᠬᠡᠷ ᠣᠶᠢᠷᠠᠯᠴᠠᠭ᠎ᠠ᠂ ᠠᠶᠢᠮᠠᠭ ︵ᠬᠤᠲᠠ︶ ᠠᠯᠤᠰᠯᠠᠨ᠂ ᠮᠤᠵᠢ ︵ᠣᠷᠣᠨ︶ ᠠᠯᠤᠰᠯᠠᠨ ᠠᠵᠢᠯ ᠬᠢᠵᠦ ᠠᠵᠢᠯ ᠣᠯᠭᠤᠬᠤ ᠶᠢ ᠪᠡᠶᠡᠯᠡᠭᠦᠯᠵᠦ᠂ ᠠᠵᠢᠯ ᠣᠯᠤᠭᠰᠠᠨ ᠴᠠᠭ ᠬᠤᠭᠤᠴᠠᠭ᠎ᠠ ᠨᠢ ᠨᠡᠶᠢᠲᠡ 3 ᠰᠠᠷ᠎ᠠ ᠠᠴᠠ ᠳᠡᠭᠡᠭᠰᠢ ᠪᠣᠯᠤᠭᠰᠠᠨ ᠪᠥᠭᠡᠳ ᠬᠠᠮᠢᠶ᠎ᠠ ᠪᠥᠬᠦᠶ ᠭᠡᠷᠡᠴᠢ ᠬᠠᠩᠭᠠᠵᠤ ᠳᠡᠶᠢᠯᠬᠦ ᠳᠤᠨᠢ ᠵᠣᠬᠢᠬᠤ ᠬᠡᠮᠵᠢᠶᠡᠨ ᠤ ᠠᠵᠢᠯ ᠬᠥᠳᠡᠯᠮᠦᠷᠢ ᠬᠢᠬᠦ ᠨᠥᠬᠦᠪᠥᠷᠢ ᠣᠯᠭᠤᠨ᠎ᠠ ︵ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠪᠠᠭᠲᠠᠬᠤ ᠥᠬᠡᠶ︶᠃    ᠭᠤᠷᠪᠠ᠂ ᠠᠵᠢᠯ ᠤᠨ ᠪᠠᠲᠤᠯᠠᠭ᠎ᠠ    ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠵᠢᠯᠣᠭᠤᠳᠬᠤ ᠰᠠᠨᠠᠯ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠪᠠᠯᠠ ᠮᠥᠩᠭᠦ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠂ ᠢᠯᠠᠩᠭᠤᠶ᠎ᠠ ᠪᠠᠯᠠ ᠮᠥᠩᠭᠦ ᠶᠢ ᠲᠥᠬᠦᠷᠵᠢᠭᠦᠯᠬᠦ ᠲᠠᠯ᠎ᠠ ᠪᠠᠷ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠡᠯ᠎ᠡ ᠱᠠᠲᠤᠨ ᠤ ᠵᠣᠯᠭᠠᠭᠤᠯᠬᠤ ᠪᠠᠯᠠ ᠮᠥᠩᠭᠦ ᠪᠠ ᠪᠡᠭᠡᠵᠢᠩ ᠥᠪᠥᠷ ᠮᠣᠩᠭᠤᠯ ᠤᠨ ᠪᠠᠯᠠ ᠮᠥᠩᠭᠦ ᠶᠢᠨ ᠲᠠᠯ᠎ᠠ ᠪᠠᠷ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠲᠥᠷᠥᠯ ᠵᠦᠢᠯ ᠢ ᠠᠬᠢᠭᠤᠯᠬᠤ ᠶᠢ ᠤᠷᠢᠳᠠᠪᠠᠷ ᠪᠠᠲᠤᠯᠠᠵᠤ᠂ ᠡᠯ᠎ᠡ ᠲᠥᠷᠥᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠦᠴᠦᠲᠡᠶ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠃    
 
ᠢᠷᠡᠯᠲᠡ᠄ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号