︽ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ︿ᠬᠤᠶᠠᠷ ᠬᠠᠯᠬᠠᠪᠴᠢ﹀  ︿ᠬᠤᠶᠠᠷ ᠰᠠᠭᠤᠷᠢᠨ ᠭᠠᠵᠠᠷ ﹀  ︿ᠨᠢᠭᠡ ᠪᠠᠬᠢᠯᠡᠯᠲᠡ ﹀ ᠶᠢ ᠨᠠᠶᠢᠳᠠᠪᠤᠷᠢᠵᠢᠭᠤᠯᠬᠤ ᠲᠥᠰᠦᠯ ﹀ ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/1/9
ᠡᠯ᠎ᠡ ᠬᠤᠰᠢᠭᠤ᠂ ᠰᠢᠶᠠᠨ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ᠂ ᠡᠯ᠎ᠡ ᠪᠠᠩᠬᠢ ᠶᠢᠨ ᠦᠢᠯᠡᠰ ᠤᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠳᠤ᠄    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠦᠨ ᠵᠢᠯᠣᠭᠤᠳᠴᠤ ᠪᠠᠶᠢᠭᠠᠳ ᠥᠪᠥᠷ ᠮᠣᠩᠭᠤᠯ ᠤᠨ ︽ᠬᠤᠶᠠᠷ ᠬᠠᠯᠬᠠᠪᠴᠢ ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠬᠠᠷᠠᠭᠠᠯᠠᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠬᠢᠩᠭᠠᠨ ᠠᠶᠢᠮᠠᠭ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ ᠮᠠᠨ ᠤ ᠠᠯᠪᠠᠨ ᠬᠡᠷ ᠠᠴᠠ ︽ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ  ︿ᠬᠤᠶᠠᠷ ᠬᠠᠯᠬᠠᠪᠴᠢ﹀  ︿ᠬᠤᠶᠠᠷ ᠰᠠᠭᠤᠷᠢᠨ ᠭᠠᠵᠠᠷ  ﹀   ︿ᠨᠢᠭᠡ ᠪᠠᠬᠢᠯᠡᠯᠲᠡ  ﹀ ᠶᠢ ᠨᠠᠶᠢᠳᠠᠪᠤᠷᠢᠵᠢᠭᠤᠯᠬᠤ ᠲᠥᠰᠦᠯ︾ ᠢ ᠲᠣᠭᠲᠠᠭᠠᠵᠤ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠃  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃                             ᠬᠢᠩᠭᠠᠨ ᠠᠶᠢᠮᠠᠭ ᠤᠨ ᠵᠠᠬᠢᠷᠭ᠎ᠠ ᠶᠢᠨ ᠮᠥᠩᠭᠦᠨ  ᠭᠦᠢᠯᠭᠡᠭᠡᠨ ᠤ ᠠᠵᠢᠯ ᠤᠨ ᠠᠯᠪᠠᠨ ᠬᠡᠷ                                                        2022 ᠣᠨ ᠤ 11 ᠰᠠᠷ᠎ᠠ ᠶᠢᠨ 14               ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢ ᠨᠠᠶᠢᠳᠠᠪᠤᠷᠢᠵᠢᠭᠤᠯᠬᠤ ᠲᠥᠰᠦᠯ       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠦᠨ ᠵᠢᠯᠣᠭᠤᠳᠴᠤ ᠪᠠᠶᠢᠭᠠᠳ ᠥᠪᠥᠷ ᠮᠣᠩᠭᠤᠯ ᠤᠨ ︽ᠬᠤᠶᠠᠷ ᠬᠠᠯᠬᠠᠪᠴᠢ ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠬᠠᠷᠠᠭᠠᠯᠠᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠬᠢᠩᠭᠠᠨ ᠠᠶᠢᠮᠠᠭ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠮᠥᠩᠭᠦᠨ  ᠭᠦᠢᠯᠭᠡᠭᠡᠨ ᠤ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠥᠰᠦᠯ ᠢ ᠳᠤᠷᠠᠳᠪᠠ᠃ ᠬᠠᠷᠠᠯᠲᠠ ᠨᠢ᠄ 2022 — 2025 ᠣᠨ ᠳᠤ᠂ ᠬᠢᠩᠭᠠᠨ ᠠᠶᠢᠮᠠᠭ ᠤᠨ ᠪᠠᠩᠬᠢ ᠶᠢᠨ  ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠰᠠᠨᠠᠮᠵᠢ ᠶᠢᠨ ᠴᠢᠨᠠᠷᠲᠠᠶ ᠢᠲᠡᠭᠡᠮᠵᠢ ᠪᠠ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢᠨ ᠶᠡᠷᠦᠩᠬᠡᠶ ᠲᠤᠭ᠎ᠠ ᠶᠢ ᠠᠷᠠᠳ ᠤᠨ ᠵᠣᠭᠤᠰ ᠢᠶᠠᠷ 600 ᠳ᠋ᠦᠩᠰᠢᠭᠤᠷ ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ᠃    ᠨᠢᠭᠡ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢ ᠳᠡᠮᠵᠢᠨ᠎ᠡ    ︵ᠨᠢᠭᠡ︶ ᠠᠮᠢ ᠠᠬᠤᠶ ᠶᠢᠨ ᠠᠮᠤᠷ ᠲᠦᠪᠰᠢᠨ ᠤ ᠭᠤᠤᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠳᠤᠷ ᠬᠢᠨ᠎ᠡ    ᠣᠶ ᠰᠢᠭᠤᠶ ᠶᠢᠨ ᠠᠮᠢ ᠠᠬᠤᠶ ᠶᠢ ᠬᠠᠮᠠᠭᠠᠯᠠᠨ ᠪᠤᠶᠢᠵᠢᠭᠤᠯᠬᠤ᠂ ᠡᠯᠡᠰᠦᠷᠬᠡᠭ ᠭᠠᠵᠠᠷ ᠢ ᠵᠠᠰᠠᠬᠤ ᠪᠠ ᠠᠭᠤᠷᠬᠠᠶ ᠶᠢ ᠵᠠᠰᠠᠨ ᠰᠡᠷᠭᠦᠭᠡᠬᠦ ᠵᠡᠷᠭᠡ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠬᠡᠷᠡᠭᠯᠡᠭᠴᠢᠳ ᠲᠤ ᠠᠩᠬᠠᠷᠤᠯ ᠢᠶᠠᠨ ᠲᠥᠪᠯᠡᠷᠡᠭᠦᠯᠦᠨ᠂  ᠦᠨᠳᠦᠭᠡᠨ ᠤᠰᠤᠨ ᠴᠥᠭᠦᠷᠥᠮ ᠤᠨ ᠳᠣᠤᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠬᠤ ᠢᠵᠢ ᠪᠦᠷᠢᠳᠦᠭᠦᠯᠬᠦ ᠢᠨᠵᠧᠨᠧᠷᠢᠩ᠂ ᠴᠤᠤᠯ ᠭᠤᠤᠯ  ᠤᠨ ᠤᠰᠤ ᠶᠢ ᠯᠢᠶᠤᠤᠾᠧ ᠭᠤᠤᠯ ᠳᠤ ᠲᠠᠳᠠᠨ ᠤᠷᠤᠭᠤᠯᠬᠤ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ  ᠵᠦᠢᠯ ᠤᠨ ᠦᠢᠯᠡᠴᠢᠯᠡᠭᠡᠨ ᠢ ᠰᠠᠶᠢᠲᠤᠷ ᠬᠢᠨ᠎ᠠ᠃ 2025 ᠣᠨ ᠤ ᠰᠡᠭᠦᠯᠴᠢ ᠪᠣᠯᠬᠤ ᠳᠤ᠂ ᠠᠮᠢ ᠠᠬᠤᠢ ᠶᠢᠨ ᠠᠮᠤᠷ ᠲᠦᠪᠰᠢᠨ ᠤ ᠭᠤᠣᠯᠳᠠᠯᠭ᠎ᠠ ᠲᠠᠢ ᠬᠦᠷᠢᠶᠡᠨ ᠳᠤ ᠰᠢᠨ᠎ᠡ ᠪᠠᠷ ᠣᠷᠣᠭᠤᠯᠬᠤ ᠶᠢ ᠪᠡᠶᠡᠯᠡᠭᠦᠯᠬᠦ ᠵᠣᠭᠤᠰᠣᠨ ᠲᠤᠭ᠎ᠠ ᠶᠢ 70 ᠳ᠋ᠦᠩᠰᠢᠭᠤᠷ ᠲᠥᠭᠦᠷᠢᠭ ᠠᠴᠠ ᠳᠣᠣᠷ᠎ᠠ ᠪᠠᠶᠢᠯᠭᠠᠬᠤ ᠦᠬᠡᠢ᠃    ︵ᠬᠤᠶᠠᠷ︶ ᠪᠣᠬᠢᠷᠲᠤᠯ ᠥᠬᠡᠶ ᠠᠮᠢ ᠠᠬᠤᠶ ᠶᠢᠨ ᠬᠦᠷᠢᠶᠡᠨ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ᠎ᠠ    ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ  ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳᠤ ᠬᠦᠷᠬᠦ᠂ ᠨᠡᠭᠡᠷᠡᠰᠦᠳᠦᠷᠦᠭᠴᠢ ᠶᠢ ᠰᠠᠭᠠᠷᠮᠠᠭᠵᠢᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ᠂ ᠪᠣᠬᠢᠷᠲᠤᠯ ᠥᠬᠡᠶ ᠢᠲᠡᠭᠡᠮᠵᠢᠲᠦ ᠵᠢᠭᠡᠯᠡᠯᠭᠡ᠂ ᠪᠣᠬᠢᠷᠲᠤᠯ ᠥᠬᠡᠶ ᠪᠠᠯᠠ ᠣᠷᠣᠭᠤᠯᠤᠯᠲᠠ ᠶᠢᠨ ᠪᠠᠩᠬᠢ ᠵᠡᠷᠭᠡ ᠣᠯᠠᠨ ᠵᠦᠢᠯ ᠤᠨ ᠪᠠᠯᠠ ᠲᠣᠬᠢᠷᠠᠭᠤᠯᠭ᠎ᠠ ᠶᠢᠨ ᠪᠠᠭᠠᠵᠢ ᠶᠢ ᠬᠡᠷᠡᠭᠯᠡᠨ᠂ ᠶᠡᠷᠦᠩᠬᠡᠶᠢᠯᠡᠭᠰᠡᠨ ᠴᠢᠨᠠᠷᠲᠠᠶ ᠮᠥᠩᠭᠦᠨ ᠭᠦᠢᠯᠭᠡᠭᠡᠨ  ᠤ ᠦᠢᠯᠡᠴᠢᠯᠡᠭᠡ ᠬᠠᠩᠭᠠᠨ᠎ᠠ᠃ 2025 ᠣᠨ ᠤ ᠡᠴᠦᠰ ᠪᠣᠯᠬᠤ ᠳᠤ᠂ ᠪᠣᠬᠢᠷᠲᠤᠯ ᠥᠬᠡᠶ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 40 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃    ᠬᠤᠶᠠᠷ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠳᠡᠮᠵᠢᠨ᠎ᠡ    ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ  ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ᠎ᠠ    ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠠᠪᠴᠠᠩ ᠤᠨ ᠲᠤᠬᠠᠶᠢᠯᠠᠭᠰᠠᠨ ᠠᠵᠢᠯ ᠢ ᠢᠳᠡᠪᠬᠢᠲᠡᠶ ᠠᠬᠢᠭᠤᠯᠵᠤ᠂ ᠬᠤᠶᠠᠷ ᠡᠷᠬᠡᠲᠦ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢᠨ ᠲᠤᠷᠰᠢᠯᠭ᠎ᠠ ᠶᠢ ᠳᠡᠯᠭᠡᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠳᠤ ᠨᠡᠶᠢᠴᠡᠬᠦ ᠵᠢᠭᠡᠯᠡᠯᠭᠡ ᠶᠢᠨ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠳᠠᠷᠢᠵᠤ ᠲᠡᠵᠢᠭᠡᠬᠦ᠂ ᠡᠳ᠋ᠰᠢᠭᠦᠯᠬᠦ᠂ ᠠᠷᠠᠯᠵᠢᠶ᠎ᠠ ᠬᠤᠳᠠᠯᠳᠤᠭ᠎ᠠ᠂  ᠭᠦᠢᠯᠭᠡᠭᠡᠨ ᠤ ᠪᠥᠬᠦ ᠬᠦᠷᠢᠶ᠎ᠡ ᠴᠠᠷᠠᠭ᠎ᠠ ᠶᠢᠨ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠤᠰᠬᠠᠶ ᠲᠣᠮᠣ ᠡᠷᠦᠬᠡ᠂ ᠡᠩ ᠤᠨ ᠮᠠᠯᠵᠢᠬᠤ ᠲᠠᠷᠢᠶᠠᠯᠠᠬᠤ ᠡᠷᠦᠬᠡ ᠶᠢᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠳᠡᠮᠵᠢᠨ᠎ᠡ᠃ 2025 ᠣᠨ ᠤ ᠡᠴᠦᠰ ᠪᠣᠯᠬᠤ ᠳᠤ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠵᠢᠭᠡᠯᠡᠯᠭᠡ ᠶᠢ 90 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ    ︵ᠳᠥᠷᠪᠡ︶ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠮᠥᠩᠭᠦᠨ ᠭᠦᠢᠯᠭᠡᠭᠡᠨ ᠤ  ᠦᠢᠯᠡᠴᠢᠯᠡᠭᠡ ᠶᠢ ᠰᠠᠶᠢᠲᠤᠷ ᠬᠢᠨ᠎ᠡ    ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ 3 ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤᠨ ᠤ ᠵᠢᠭᠡᠯᠡᠯᠭᠡ ᠲᠠᠯᠪᠢᠬᠤ ᠠᠵᠢᠯ ᠢ ᠲᠣᠪᠤᠶᠢᠮ᠎ᠠ ᠰᠠᠶᠢᠲᠤᠷ ᠬᠢᠨ᠎ᠠ︔ ︽ᠪᠥᠬᠦ ᠠᠶᠢᠮᠠᠭ︾ ᠤᠨ ᠰᠢᠶᠤᠤ ᠵᠢᠩ ᠲᠥᠯᠥᠪᠯᠡᠭᠡ ᠶᠢᠨ ︽ᠮᠥᠩᠭᠦᠨ ᠭᠦᠢᠯᠭᠡᠭᠡᠨ ᠤ ᠲᠡᠳᠬᠦᠮᠵᠢ ᠶᠢᠨ ᠨᠠᠷᠢᠨ ᠲᠠᠩᠰᠠ︾ ᠶᠢᠨ ᠲᠣᠭᠤᠷᠢᠨ ᠳᠤ᠂ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤᠨ ᠤ ᠠᠵᠤ  ᠦᠢᠯᠡᠰ ᠤᠨ ᠳᠠᠭᠠᠭᠤᠯᠤᠭᠴᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠨᠠᠷᠢᠯᠢᠭ ᠣᠨᠣᠴᠠᠲᠠᠶ ᠪᠠᠷ ᠬᠦᠴᠦᠯᠡᠭᠦᠯᠵᠦ᠂ ᠨᠠᠷᠢᠯᠢᠭ ᠣᠨᠣᠴᠠᠲᠠᠶ ᠪᠠᠷ ᠲᠡᠳᠬᠦᠨ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠤᠨ᠎ᠠ᠃ 2025 ᠣᠨ ᠤ ᠡᠴᠦᠰ ᠪᠣᠯᠬᠤ ᠳᠤ᠂ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤᠨ ᠤ ᠵᠢᠭᠡᠯᠡᠯᠭᠡ ᠶᠢ ᠰᠢᠨ᠎ᠡ ᠪᠠᠷ 50 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃    ︵ᠲᠠᠪᠤ︶ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠪᠠᠨ ᠦᠨᠡᠨᠬᠦ ᠨᠡᠮᠡᠭᠳᠡᠭᠦᠯᠦᠨ᠎ᠡ    ᠰᠦᠯᠵᠢᠶᠡᠨ ᠳᠡᠭᠡᠷᠡᠬᠢ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠢᠩᠭᠠᠨ ᠠᠶᠢᠮᠠᠭ ᠤᠨ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠬᠢᠭᠡᠳ ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ ᠲᠠᠪᠴᠠᠩ᠂ ᠳᠤᠮᠳᠠᠳᠤ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠲᠠᠲᠠᠪᠤᠷᠢᠯᠠᠬᠤ ᠰᠢᠰᠲ᠋ᠧᠮ ᠵᠢᠴᠢ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠵᠣᠯᠭᠠᠯᠴᠠᠭ᠎ᠠ ᠪᠠ ᠬᠠᠮᠲᠤᠷᠠᠯᠴᠠᠭ᠎ᠠ ᠶᠢ ᠥᠷᠭᠡᠳᠬᠡᠨ᠂ ᠡᠯ᠎ᠡ ᠲᠠᠪᠴᠠᠩ ᠤᠨ ᠴᠢᠳᠠᠮᠵᠢ ᠶᠢᠨ ᠬᠠᠷᠢᠯᠴᠠᠨ ᠨᠥᠬᠦᠪᠥᠷᠢᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠮᠦᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠪᠠᠶᠢᠩᠭᠤᠵᠢᠭᠰᠠᠨ᠂  ᠪᠣᠰᠤᠭ᠎ᠠ ᠴᠣᠭᠴᠠᠲᠤ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠭᠤᠣᠯᠳᠠᠯᠭ᠎ᠠ ᠲᠠᠢ ᠬᠦᠷᠢᠶ᠎ᠡ᠂ ᠪᠠᠭᠤᠷᠠᠢ ᠭᠤᠭᠴᠤᠭ᠎ᠠ᠂ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠯᠭᠠᠭᠤᠯᠵᠤ ᠳᠣᠷᠣᠭᠰᠢ ᠪᠠᠭᠤᠯᠭᠠᠬᠤ ᠦᠢᠯᠡᠴᠢᠯᠡᠭᠡ ᠶᠢ ᠣᠯᠠᠨ ᠲᠠᠯ᠎ᠠ ᠠᠴᠠ ᠥᠷᠨᠢᠭᠦᠯᠵᠦ᠂ ︽ᠪᠠᠲᠤᠯᠠᠭ᠎ᠠ ᠲᠠᠢ ᠣᠷᠣᠭᠤᠯᠬᠤ ᠠᠵᠢᠯᠯᠠᠭ᠎ᠠ︾ ᠶᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠦᠷᠪᠡᠨ ᠤᠯᠠᠷᠢᠯ ᠤᠨ ᠠᠵᠢᠯᠯᠠᠭ᠎ᠠ︾ ᠲᠠᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠡᠬᠡ ᠬᠦᠤ ᠶᠢ ᠨᠢ ᠬᠤᠶᠢᠰᠢᠯᠠᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠷᠢᠴᠠᠭᠠᠯᠠᠬᠤ ᠶᠢ ᠦᠨᠡᠯᠡᠨ ᠵᠢᠱᠢᠬᠦ ᠵᠠᠷᠤᠳᠠᠯ᠂ ᠳᠠᠩᠰᠠᠯᠠᠬᠤ ᠵᠠᠷᠤᠳᠠᠯ ᠢ ᠡᠭᠦᠷᠭᠡᠯᠡᠨ᠎ᠡ᠃ 2025 ᠣᠨ ᠤ ᠡᠴᠦᠰ ᠪᠣᠯᠬᠤ ᠳᠤ᠂ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠢᠭᠡᠯᠡᠯᠭᠡ ᠶᠢ ᠨᠡᠶᠢᠲᠡ 90 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠯᠪᠢᠨ᠎ᠠ᠃    ᠭᠤᠷᠪᠠ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ᠎ᠡ    ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭ᠎ᠠ ᠲᠠᠢ ᠠᠵᠤ ᠦᠢᠯᠡᠰ  ᠤᠨ ᠮᠥᠩᠭᠦᠨ ᠭᠦᠢᠯᠭᠡᠭᠡᠨ ᠤ  ᠦᠢᠯᠡᠴᠢᠯᠡᠭᠡ ᠶᠢ ᠰᠠᠶᠢᠳᠤᠷ ᠬᠢᠨ᠎ᠡ    ︽ᠮᠥᠩᠭᠦᠨ ᠭᠦᠢᠯᠭᠡᠭᠡᠨ ᠢᠶᠠᠷ ᠭᠤᠤᠯᠳᠠᠯᠭ᠎ᠠ ᠲᠠᠢ ᠠᠵᠤ  ᠦᠢᠯᠡᠰ ᠤᠨ ᠬᠡᠯᠬᠢᠶ᠎ᠡ ᠶᠢ ᠳᠡᠮᠵᠢᠬᠦ︾ 1+N ︽ᠮᠥᠩᠭᠦᠨ  ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠥᠰᠦᠯ︾ ︽ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠩᠭᠠᠨ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ  ᠦᠢᠯᠡᠴᠢᠯᠡᠬᠦ ᠠᠵᠢᠯᠯᠠᠭᠠᠨ ᠤ ᠲᠥᠰᠦᠯ︾ ᠢ ᠨᠠᠶᠢᠳᠠᠪᠤᠷᠢᠵᠢᠭᠤᠯᠤᠨ᠎ᠠ︔ ︽ᠮᠥᠩᠭᠦᠨ ᠭᠦᠢᠯᠭᠡᠭᠡᠨ ᠢᠶᠠᠷ ᠠᠯᠠᠰᠢᠨ ᠦᠬᠡᠷ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ 9  ᠵᠦᠢᠯ ᠤᠨ ᠠᠷᠭ᠎ᠠ ᠬᠡᠮᠵᠢᠶ᠎ᠡ︾ ︽ᠮᠥᠩᠭᠦᠨ ᠭᠦᠢᠯᠭᠡᠭᠡᠨ ᠢᠶᠠᠷ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ 9 ᠵᠦᠢᠯ ᠤᠨ ᠠᠷᠭ᠎ᠠ ᠬᠡᠮᠵᠢᠶ᠎ᠡ︾ ᠶᠢ ᠲᠦᠷᠭᠡᠳᠬᠡᠨ ᠨᠡᠶᠢᠲᠡᠯᠡᠵᠦ᠂ ᠠᠵᠤ ᠦᠢᠯᠡᠰ ᠤᠨ ᠬᠡᠯᠬᠢᠶ᠎ᠡ ᠶᠢᠨ ᠪᠠᠯᠠ ᠮᠥᠩᠭᠦ ᠶᠢᠨ  ᠭᠦᠢᠯᠭᠡᠭᠡ ᠶᠢ ᠭᠦᠨᠵᠡᠭᠡᠶᠢᠷᠡᠭᠦᠯᠦᠨ᠂ ᠠᠵᠤ ᠦᠢᠯᠡᠰ  ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ  ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠳᠡᠪᠬᠢᠲᠡᠶ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠢᠶᠠᠷ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠳᠥᠷᠪᠡᠨ ᠤᠯᠠᠷᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠳᠥᠷᠪᠡᠨ ᠰᠢᠶᠠᠩ ᠤᠨ ᠢᠨᠵᠧᠨᠧᠷᠢᠩ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠮᠥᠩᠭᠦᠨ ᠭᠦᠢᠯᠭᠡᠭᠡᠨ ᠢᠶᠠᠷ ᠠᠬᠢᠭᠤᠯᠤᠨ᠎ᠠ᠃ ᠮᠥᠩᠭᠦᠨ ᠭᠦᠢᠯᠭᠡᠭᠡᠨ ᠢᠶᠠᠷ ᠳᠡᠮᠵᠢᠬᠦ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠦᠷᠦᠭᠦᠯᠡᠨ ᠭᠤᠤᠯᠯᠠᠨ ᠡᠷᠭᠢᠯᠡᠬᠦ ᠠᠵᠢᠯᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠡᠯ᠎ᠡ ᠲᠥᠷᠥᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠤᠷᠲᠤᠪᠲᠤᠷ ᠪᠠ ᠣᠷᠳᠣ ᠬᠤᠭᠤᠴᠠᠭᠠᠨ ᠤ ᠡᠷᠭᠢᠮᠡᠯ ᠪᠠᠯᠠ ᠮᠥᠩᠭᠦ ᠶᠢᠨ ᠵᠢᠭᠡᠯᠡᠯᠭᠡ ᠶᠢᠨ ᠵᠥᠪᠰᠢᠶᠡᠷᠡᠯ ᠤᠨ ᠪᠠᠷᠢᠮᠵᠢᠶ᠎ᠠ ᠶᠢ ᠪᠠᠭᠤᠷᠠᠭᠤᠯᠵᠤ᠂ ᠠᠵᠤ  ᠦᠢᠯᠡᠰ ᠤᠨ 2025 ᠣᠨ ᠤ ᠰᠡᠭᠦᠯᠴᠢ ᠪᠣᠯᠬᠤ ᠳᠤ᠂ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠤ  ᠦᠢᠯᠡᠰ ᠲᠤ 180 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠪᠠᠯᠠ ᠣᠷᠣᠭᠤᠯᠤᠨ᠎ᠠ᠃    ︵ᠳᠣᠯᠤᠭ᠎ᠠ︶ ᠰᠦ ᠶᠢᠨ ᠦᠢᠯᠡᠰ ᠢ ᠬᠥᠭᠵᠢᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠲᠤᠷ ᠬᠢᠨ᠎ᠠ    ︽ᠬᠢᠩᠭᠠᠨ ᠠᠶᠢᠮᠠᠭ ᠤᠨ ᠭᠤᠤᠯᠳᠠᠯᠭ᠎ᠠ ᠲᠠᠢ ᠠᠵᠤ  ᠦᠢᠯᠡᠰ ᠤᠨ ᠬᠡᠯᠬᠢᠶ᠎ᠡ ᠶᠢᠨ 1+N ᠮᠥᠩᠭᠦᠨ ᠭᠦᠢᠯᠭᠡᠭᠡᠨ ᠤ  ᠦᠢᠯᠡᠴᠢᠯᠡᠭᠡᠨ ᠤ ᠠᠵᠢᠯ ᠤᠨ ᠲᠥᠰᠦᠯ︾ ᠢ ᠨᠠᠶᠢᠳᠠᠪᠤᠷᠢᠵᠢᠭᠤᠯᠵᠤ᠂ ᠪᠠᠯᠠ ᠲᠣᠬᠢᠷᠠᠭᠤᠯᠭ᠎ᠠ ᠶᠢ ᠵᠣᠯᠭᠠᠭᠤᠯᠬᠤ ᠶᠢ ᠢᠳᠡᠪᠬᠢᠲᠡᠶ ᠥᠷᠨᠢᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠰᠦ ᠶᠢᠨ ᠦᠢᠯᠡᠰ ᠤᠨ ᠤᠨᠴᠠᠯᠢᠬᠳᠤ ᠮᠥᠩᠭᠦᠨ  ᠭᠦᠢᠯᠭᠡᠭᠡᠨ ᠤ ᠪᠦᠲᠦᠭᠡᠭᠳᠡᠬᠦᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠶᠢ ᠡᠭᠦᠳᠦᠨ ᠳᠡᠮᠵᠢᠵᠦ᠂ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠰᠦ ᠶᠢᠨ ᠦᠢᠯᠡᠰ ᠤᠨ ᠪᠥᠬᠦ ᠥᠪᠡᠷᠲᠡᠭᠡᠨ ᠵᠠᠰᠠᠬᠤ ᠣᠷᠣᠨ ᠤ  ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠲᠤᠰᠬᠠᠶ ᠰᠠᠭᠤᠷᠢ ᠮᠥᠩᠭᠦ ᠶᠢ ᠳᠣᠷᠣᠭᠰᠢ ᠪᠠᠭᠤᠯᠭᠠᠬᠤ ᠪᠠᠷ ᠴᠢᠷᠮᠠᠶᠢᠵᠤ᠂ ᠮᠥᠩᠭᠦᠨ ᠭᠦᠢᠯᠭᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠵᠣᠭᠰᠣᠴᠠ ᠠᠴᠠ ᠡᠭᠦᠰᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠶᠢᠨ  ᠰᠦ ᠶᠢᠨ  ᠦᠢᠯᠡᠰ ᠢ ᠪᠤᠶᠢᠵᠢᠭᠤᠯᠤᠨ ᠳᠠᠶᠢᠴᠢᠯᠠᠬᠤ  ᠦᠢᠯᠡᠳᠦᠯ ᠢ ᠪᠠᠳᠠᠷᠠᠭᠤᠯᠤᠨ᠎ᠠ᠃ ᠪᠠᠷᠢᠴᠠᠭᠠᠳᠤ ᠵᠢᠭᠡᠯᠡᠯᠭᠡ ᠲᠠᠯᠪᠢᠬᠤ ᠶᠢ ᠢᠳᠡᠪᠬᠢᠲᠡᠶ ᠪᠠᠷ ᠳᠡᠯᠭᠡᠷᠡᠭᠦᠯᠵᠦ᠂ ᠬᠥᠳᠡᠯᠬᠦ ᠬᠥᠷᠥᠩᠭᠡ ᠪᠠᠷ ᠪᠠᠷᠢᠴᠠᠭᠠᠯᠠᠵᠤ ᠳᠠᠨᠵᠢᠯᠠᠵᠤ ᠪᠠᠯᠠ ᠳᠣᠭᠢᠷᠠᠭᠤᠯᠬᠤ ᠬᠡᠪᠴᠢᠶ᠎ᠡ ᠶᠢ ᠥᠷᠭᠡᠳᠬᠡᠬᠦ ᠶᠢ ᠵᠣᠷᠢᠭᠵᠢᠭᠤᠯᠤᠨ᠂ ᠭᠤᠷᠪᠠᠳᠠᠬᠢ ᠡᠲᠡᠭᠡᠳ ᠤᠨ ᠬᠠᠩᠭᠠᠯᠭ᠎ᠠ ᠶᠢᠨ ᠬᠡᠯᠬᠢᠶᠡᠰᠦ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠵᠣᠷᠢᠭᠵᠢᠭᠤᠯᠤᠨ᠎ᠠ᠃ 2025 ᠣᠨ ᠤ ᠡᠴᠦᠰ ᠪᠣᠯᠬᠤ ᠳᠤ᠂  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠰᠢᠨ᠎ᠡ ᠪᠠᠷ ᠨᠡᠮᠡᠭᠳᠡᠬᠦ ᠬᠡᠮᠵᠢᠶ᠎ᠡ ᠶᠢ 10 ᠳ᠋ᠦᠩᠰᠢᠭᠤᠷ ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃    ᠲᠦᠷᠪᠡ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠠᠶᠢᠭᠤᠯᠬᠤ ᠶᠢ ᠲᠡᠮᠵᠢᠨ᠎ᠠ    ︵ᠨᠠᠢᠮᠠ︶ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠡᠮᠵᠢᠨ᠎ᠠ    ᠳᠤᠮᠳᠠᠳᠤ  ᠤᠯᠤᠰ ᠤᠨ ᠭᠤᠸᠠᠩᠳᠦ᠋ᠩ ᠶᠢᠨ ᠴᠥᠮ᠎ᠡ ᠶᠢᠨ ᠰᠢᠨ᠎ᠡ ᠡᠨᠧᠷᠭᠢ᠂ ᠶᠦᠩ ᠯᠢᠨ ᠤ ᠠᠮᠢᠳᠤ ᠪᠣᠳᠠᠰ ᠤᠨ ᠮᠠᠰ ᠤᠨ ᠢᠯᠴᠢ ᠴᠠᠬᠢᠯᠭᠠᠨ᠂ ᠱᠧᠨᠵᠧᠨ ᠤ ᠡᠨᠧᠷᠭᠢ ᠶᠢᠨ ᠤᠮᠠᠷᠠᠲᠤ ᠣᠷᠣᠨ ᠵᠡᠷᠭᠡ ᠴᠢᠬᠤᠯᠠ ᠶᠡᠭᠡ ᠲᠥᠷᠥᠯ  ᠵᠦᠢᠯ ᠢ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠭᠡᠯᠡᠯᠭᠡ ᠶᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠰᠠᠶᠢᠲᠤᠷ ᠬᠡᠷᠡᠭᠯᠡᠨ  ᠭᠦᠢᠴᠡᠳ ᠬᠡᠷᠡᠭᠯᠡᠵᠦ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠬᠦᠷᠢᠶᠡᠨ ᠳᠠᠬᠢ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠵᠣᠯᠭᠠᠭᠤᠯᠵᠤ᠂ ᠮᠥᠩᠭᠦᠨ ᠭᠦᠢᠯᠭᠡᠭᠡᠨ ᠤ  ᠦᠢᠯᠡᠴᠢᠯᠡᠭᠡ ᠶᠢ ᠰᠠᠶᠢᠲᠤᠷ ᠬᠢᠨ᠎ᠠ᠃ 2025 ᠣᠨ ᠤ ᠰᠡᠭᠦᠯᠴᠢ ᠪᠣᠯᠬᠤ ᠳᠤ᠂ ᠰᠢᠨ᠎ᠡ ᠡᠨᠧᠷᠭᠢ ᠶᠢᠨ ᠬᠦᠷᠢᠶᠡᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠪᠡᠯᠡ ᠣᠷᠣᠭᠤᠯᠤᠯᠲᠠ ᠶᠢ 40 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠠᠶᠢᠯᠭᠠᠨ᠎ᠠ᠃    ︵ᠶᠢᠰᠦ︶ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠠᠶᠢᠮᠠᠭ ᠢ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠳᠤ ᠬᠦᠴᠦ ᠨᠡᠮᠡᠷᠢᠯᠡᠨ᠎ᠡ    ᠬᠤᠷᠴᠢᠨ ᠸᠠᠨ ᠵᠢᠶᠠ᠂ ᠬᠢᠲᠠᠳ ᠮᠣᠩᠭᠤᠯ ᠤᠨ ᠡᠮ ᠦᠢᠯᠡᠳᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ᠂ ᠰᠢᠨ᠎ᠡ ᠶᠢ ᠡᠭᠦᠳᠬᠦ ᠲᠥᠰᠦᠯ ᠢ ᠪᠡᠶ᠎ᠡ ᠳᠤᠨᠢ ᠲᠣᠬᠢᠷᠠᠭᠤᠯᠤᠨ ᠲᠣᠭᠲᠠᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠤ ᠲᠤᠬᠢᠷᠠᠬᠤ ᠲᠤᠰᠬᠠᠶ ᠬᠠᠷᠢᠶᠠᠯᠠᠭᠳᠠᠬᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠭᠠᠷᠭᠠᠵᠤ᠂ ᠵᠢᠭᠡᠯᠡᠯᠭᠡ ᠶᠢᠨ ᠦᠨ᠎ᠡ ᠲᠣᠭᠲᠠᠭᠠᠬᠤ᠂ ᠬᠡᠪᠴᠢᠶ᠎ᠡ ᠶᠢ ᠵᠣᠬᠢᠴᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ 2025 ᠣᠨ ᠤ ᠡᠴᠦᠰ ᠪᠣᠯᠬᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠤᠰᠬᠠᠶ ᠨᠠᠷᠢᠯᠢᠭ ᠣᠨᠴᠠ ᠰᠢᠨ᠎ᠡ ᠵᠡᠷᠭᠡ ᠦᠢᠯᠡᠳᠬᠦ ᠦᠢᠯᠡᠰ ᠤᠨ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠦᠨ ᠣᠷᠣᠭᠤᠯᠬᠤ ᠶᠢ 10 ᠳ᠋ᠦᠩᠰᠢᠭᠤᠷ ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ᠃    ᠲᠠᠪᠤ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠲᠡ ᠪᠠᠶᠢᠭᠤᠯᠬᠤ ᠶᠢ ᠲᠡᠮᠵᠢᠨ᠎ᠠ    ︵ᠠᠷᠪᠠ︶ ᠬᠢᠯᠢ ᠠᠯᠤᠰᠯᠠᠭᠰᠠᠨ ᠠᠷᠠᠯᠵᠢᠶ᠎ᠠ ᠶᠢᠨ ᠮᠥᠩᠭᠦᠨ ᠭᠦᠢᠯᠭᠡᠭᠡᠨ ᠤ  ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ    ᠪᠣᠭᠤᠮᠲᠠ ᠶᠢᠨ ᠭᠠᠵᠠᠷ ᠣᠷᠣᠨ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠭᠠᠳᠠᠭᠠᠳᠤ ᠳᠤ ᠬᠤᠯᠪᠣᠭᠳᠠᠬᠤ ᠠᠵᠤ ᠠᠬᠤᠶᠢᠯᠠᠯ ᠳᠤ ᠨᠡᠶᠢᠴᠡᠬᠦ ᠮᠥᠩᠭᠦᠨ ᠭᠦᠢᠯᠭᠡᠭᠡᠨ ᠤ ᠦᠢᠯᠡᠳᠭᠦᠨ ᠢ ᠬᠠᠶᠢᠨ ᠰᠦᠪᠡᠭᠴᠢᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠢᠯᠢ ᠠᠯᠤᠰᠯᠠᠭᠰᠠᠨ ᠪᠠᠯᠠ ᠮᠥᠩᠭᠦ ᠶᠢᠨ ᠳ᠋ᠦᠩᠨᠡᠨ ᠪᠤᠳᠤᠬᠤ ᠠᠷᠭ᠎ᠠ ᠵᠠᠮ ᠢ ᠥᠷᠭᠡᠳᠬᠡᠨ᠂ ᠭᠠᠳᠠᠭᠠᠳᠤ ᠭᠤᠪᠢᠭᠤᠯᠭ᠎ᠠ ᠶᠢᠨ ᠡᠭᠦᠰᠦᠮᠡᠯ ᠡᠳ᠋ ᠤᠨ ᠦᠢᠯᠡᠴᠢᠯᠡᠭᠡ ᠬᠠᠩᠭᠠᠵᠤ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠨ᠎ᠠ᠃    ︵ᠠᠷᠪᠠᠨ ᠨᠢᠭᠡ︶  ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠨ ᠵᠤᠯᠭᠠᠭᠤᠯᠤᠨ᠎ᠠ    ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠵᠦ᠂ ᠥᠪᠥᠷ ᠮᠣᠩᠭᠤᠯ ᠤᠨ ᠣᠯᠠᠨ ᠨᠡᠶᠢᠲᠡ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠢᠩᠭᠠᠨ ᠺᠣᠮᠫᠠᠨᠢ᠂ ᠥᠪᠥᠷ ᠮᠣᠩᠭᠤᠯ ᠤᠨ  ᠲᠦᠷᠭᠡᠨ ᠬᠤᠷᠳᠤᠴᠠᠳᠤ ᠵᠠᠰᠠᠮᠠᠯ ᠵᠠᠮ ᠤᠨ ᠺᠣᠮᠫᠠᠨᠢ᠂ ᠥᠪᠥᠷ ᠮᠣᠩᠭᠤᠯ ᠤᠨ ᠣᠯᠠᠨ ᠨᠡᠶᠢᠲᠡ ᠶᠢᠨ ᠮᠠᠰᠢᠨ ᠲᠡᠷᠭᠡᠨ ᠤ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠦᠴᠢᠦᠸᠠᠨ ᠰᠢᠶᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ᠂ ᠵᠠᠯᠠᠶᠢᠳ ᠬᠤᠰᠢᠭᠤ ᠠᠴᠠ ᠰᠢᠨ ᠯᠢᠨ ᠬᠥᠷᠬᠦ  ᠬᠤᠶᠢᠳᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ᠂ ᠷᠠᠰᠢᠶᠠᠨ ᠠᠴᠠ ᠤᠯᠠᠭᠠᠨᠬᠤᠲᠠ ᠬᠥᠷᠬᠦ ᠵᠠᠰᠠᠮᠠᠯ ᠵᠠᠮ ᠤᠨ ᠲᠥᠷᠥᠯ ᠵᠦᠢᠯ ᠵᠡᠷᠭᠡ ᠵᠠᠮ ᠬᠠᠷᠢᠯᠴᠠᠭᠠᠨ ᠤ ᠲᠥᠷᠥᠯ ᠵᠦᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠲᠤᠷ ᠬᠢᠨ᠎ᠠ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠢᠶᠠᠷ ᠳᠡᠮᠵᠢᠬᠦ ᠰᠣᠳᠣᠨ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ 2025 ᠣᠨ ᠤ ᠡᠴᠦᠰ ᠪᠣᠯᠬᠤ ᠳᠤ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠲᠦᠷᠦᠯ ᠤᠨ ᠵᠦᠢᠯᠡᠰ ᠤᠨ ᠲᠣᠭᠤᠷᠢᠨ ᠳᠤ ᠵᠢᠱᠢᠯᠲᠡ ᠪᠠᠷ 20 ᠳ᠋ᠦᠩᠰᠢᠭᠤᠷ ᠲᠥᠭᠦᠷᠢᠭ ᠰᠢᠨ᠎ᠡ ᠪᠠᠷ ᠣᠷᠣᠭᠤᠯᠤᠨ᠎ᠠ᠃    ᠵᠢᠷᠭᠤᠭ᠎ᠠ᠂ ᠠᠵᠢᠯ ᠤᠨ ᠲᠣᠭᠲᠠᠴᠠ ᠶᠢ ᠪᠠᠶᠢᠭᠤᠯᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ    ︵ᠠᠷᠪᠠᠨ ᠬᠤᠶᠠᠷ︶ ᠨᠠᠶᠢᠳᠠᠪᠤᠷᠢᠵᠢᠭᠤᠯᠤᠯᠲᠠ ᠶᠢᠨ ᠨᠠᠷᠢᠨ ᠬᠠᠭᠤᠳᠠᠰᠤ ᠶᠢ ᠲᠣᠭᠲᠠᠭᠠᠨ᠎ᠠ    ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ ᠨᠢ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ ᠡᠪᠬᠡᠮᠡᠯ ᠲᠤᠰᠢᠶᠠᠬᠤ ᠨᠠᠷᠢᠨ ᠬᠠᠭᠤᠳᠠᠰᠤ ᠶᠢ ᠲᠣᠭᠲᠠᠭᠠᠵᠤ᠂ ᠬᠡᠷᠡᠭᠴᠡᠭᠡ ᠱᠠᠭᠠᠷᠳᠠᠯᠭ᠎ᠠ ᠪᠠᠷ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠠᠬᠢᠭᠤᠯᠵᠤ᠂ ᠡᠪᠬᠡᠮᠡᠯ ᠲᠤᠰᠢᠶᠠᠬᠤ ᠪᠠᠷ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠶᠢᠮᠠᠭ ᠤᠨ ᠮᠥᠩᠭᠦᠨ  ᠭᠦᠢᠯᠭᠡᠭᠡᠨ ᠤ ᠠᠯᠪᠠᠨ ᠬᠡᠷ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠠᠵᠢᠯ ᠥᠷᠨᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃    ︵ᠠᠷᠪᠠᠨ ᠭᠤᠷᠪᠠ︶ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ    ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ ᠲᠦᠷᠦᠭᠦᠯᠡᠨ ᠠᠷᠠᠳ ᠤᠨ ᠪᠠᠩᠬᠢ ᠶᠢᠨ ᠤᠯᠠᠭᠠᠨᠬᠤᠲᠠ ᠶᠢᠨ ᠭᠤᠤᠯ ᠰᠠᠯᠪᠤᠷᠢ ᠪᠠᠩᠬᠢ᠂ ᠬᠢᠩᠭᠠᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠡᠷᠭᠡ ᠮᠥᠩᠭᠦᠨ  ᠭᠦᠢᠯᠭᠡᠭᠡᠨ  ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠪᠠᠶᠢᠩᠭᠤᠵᠢᠬᠰᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠠᠮᠵᠢᠯᠴᠠᠨ ᠬᠠᠮᠲᠤᠷᠠᠨ ᠬᠥᠳᠡᠯᠦᠯᠴᠡᠵᠦ᠂ ᠳᠡᠭᠡᠷ᠎ᠡ ᠳᠣᠣᠷ᠎ᠠ ᠱᠠᠳᠤ ᠪᠠᠷ ᠢᠶᠠᠨ ᠳᠠᠮᠵᠢᠭᠤᠯᠵᠤ᠂ ᠠᠳᠠᠯᠢ ᠴᠢᠭᠯᠡᠯ ᠢᠶᠠᠷ ᠬᠦᠴᠦᠯᠡᠵᠦ᠂ ᠲᠦᠷᠦᠯ ᠵᠦᠢᠯ᠂ ᠲᠤᠬᠠᠶᠢᠯᠠᠭᠰᠠᠨ ᠠᠵᠢᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠤᠨ᠎ᠠ᠃    
 
ᠢᠷᠡᠯᠲᠡ᠄ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号