ᠰᠢ ᠶᠢᠨ ᠫᠢᠩ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠣᠶᠣᠯ ᠤᠨ ᠢᠲᠡᠭᠡᠯ ᠢᠶᠠᠨ ᠪᠠᠲᠤᠳᠬᠠᠵᠤ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠰᠣᠶᠣᠯ ᠤᠨ ᠠᠰᠢᠭᠲᠠᠢ ᠨᠥᠬᠦᠴᠡᠯ ᠢ ᠬᠠᠩᠭᠠᠬᠤ ᠬᠡᠷᠡᠭᠲᠡᠢ ᠼᠠᠢ ᠴᠢ ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/10/12
     ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 8 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠴᠢᠬᠤᠯᠠ ᠵᠢᠭᠠᠪᠤᠷᠢ ᠥᠭᠬᠦ ᠳᠡᠭᠡᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠨᠠᠮ ᠤᠨ ᠠᠯᠤᠰ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠤᠯᠤᠰ ᠤᠨ ᠥᠨᠢ ᠤᠳᠠᠭᠠᠨ ᠠᠮᠤᠷ ᠲᠣᠭᠲᠠᠭᠤᠨ ᠲᠠᠢ ᠬᠤᠯᠪᠣᠭᠳᠠᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠷᠡᠩᠭᠦᠢ ᠬᠦᠴᠦᠨ ᠲᠠᠢ ᠬᠤᠯᠪᠣᠭᠳᠠᠳᠠᠭ ᠲᠦᠢᠯ ᠤᠨ ᠴᠢᠬᠤᠯᠠ ᠠᠵᠢᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠰᠲ᠋ᠧᠮ ᠲᠠᠢ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ ᠤᠶᠤᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠵᠠᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠡᠷᠬᠡᠪᠰᠢ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ ᠡᠨᠡ ᠬᠦ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠰᠢᠨ᠎ᠡ ᠭᠠᠷᠤᠭ᠎ᠠ ᠳᠤ ᠰᠣᠶᠣᠯ ᠤᠨ ᠴᠡᠴᠡᠭᠯᠡᠯᠲᠡ ᠶᠢ ᠦᠷᠭᠦᠯᠵᠢᠯᠡᠨ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠡᠨᠡ ᠬᠦ ᠰᠣᠶᠣᠯ ᠤᠨ ᠰᠢᠨ᠎ᠡ ᠡᠭᠦᠷᠭᠡ ᠲᠠᠢ ᠤᠶᠠᠯᠳᠤᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠬᠦᠴᠦᠯᠡᠨ ᠴᠢᠩᠭᠠᠳᠬᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠬᠦᠴᠦᠯᠡᠨ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠦᠴᠦᠯᠡᠨ ᠪᠤᠶᠢᠵᠢᠭᠤᠯᠵᠤ ᠦᠢᠯᠡᠳᠦᠯᠭᠡᠵᠢᠭᠦᠯᠦᠨ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ ᠳᠠᠭᠠᠭᠤᠯᠬᠤ ᠬᠦᠴᠦᠨ ᠨᠥᠯᠥᠭᠡᠯᠡᠬᠦ ᠬᠦᠴᠦᠨ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠥ᠂ ᠳᠤᠮᠳᠠᠳᠤ ᠶᠢᠨ ᠰᠣᠶᠣᠯ ᠢ ᠬᠦᠴᠦᠯᠡᠨ ᠵᠠᠯᠭᠠᠮᠵᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠬᠦᠴᠦᠯᠡᠨ ᠠᠬᠢᠭᠤᠯᠵᠤ᠂ ᠳᠡᠯᠡᠬᠡᠢ ᠳᠠᠬᠢ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠪᠣᠯᠪᠠᠰᠤᠨ ᠤ ᠰᠣᠯᠢᠯᠴᠠᠭ᠎ᠠ ᠲᠣᠯᠢᠯᠠᠯᠲᠠ ᠶᠢ ᠠᠬᠢᠭᠤᠯᠵᠤ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠥ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ᠂ ᠰᠣᠶᠣᠯ ᠤᠨ ᠠᠰᠢᠭᠲᠠᠢ ᠨᠥᠬᠦᠴᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠡᠭᠦᠷᠭᠡᠯᠡᠵᠦ᠂ ᠰᠣᠶᠣᠯ ᠤᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠷᠢᠭᠲᠠᠢ ᠪᠠᠷ ᠴᠢᠳᠠᠮᠠᠭᠠᠢ ᠲᠡᠮᠡᠴᠡᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ 10 ᠰᠠᠷ᠎ᠠ ᠶᠢᠨ 7 ᠠᠴᠠ 8 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠰᠣᠳᠣ ᠮᠡᠷᠭᠡᠨ ᠪᠥᠭᠡᠳ ᠭᠦᠨ ᠭᠦᠨᠵᠡᠭᠡᠢ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠡᠷᠬᠡᠪᠰᠢ ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠤ ᠬᠠᠮᠤᠭ ᠤᠨ ᠦᠨᠳᠦᠰᠦᠨ ᠵᠦᠢᠯ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠲᠠᠢ ᠪᠠᠶᠢᠬᠤ ᠳᠤ ᠪᠤᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢᠨ ᠠᠭᠤᠯᠤᠭᠳᠠᠬᠤᠨ ᠨᠢ ᠲᠦᠢᠯ ᠤᠨ ᠪᠠᠶᠠᠯᠢᠭ᠂ ᠥᠭᠦᠯᠡᠯᠲᠡ ᠨᠢ ᠲᠦᠢᠯ ᠤᠨ ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠠᠴᠠ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ ᠤᠨ ᠳ᠋ᠦᠩᠨᠡᠯᠲᠡ ᠪᠠᠶᠢᠵᠤ᠂ ᠮᠠᠷᠺᠰ ᠤᠨ ᠦᠵᠡᠯ ᠤᠨ ᠰᠣᠶᠣᠯ ᠤᠨ ᠤᠨᠤᠯ ᠢ ᠪᠠᠶᠠᠯᠢᠭᠵᠢᠭᠤᠯᠤᠨ ᠬᠥᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠣᠶᠣᠯ ᠤᠨ ᠬᠠᠭᠤᠳᠠᠰᠤ ᠶᠢ ᠪᠦᠷᠢᠯᠳᠦᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠡᠢ ᠭᠡᠵᠦ ᠦᠵᠡᠪᠡ᠃    ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠳᠤ ᠰᠣᠶᠣᠯ ᠤᠨ ᠤᠨᠤᠯ ᠤᠨ ᠦᠵᠡᠯᠲᠡ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠪᠠ ᠰᠢᠪᠲᠤᠯᠤᠯᠲᠠ ᠲᠠᠢ ᠪᠣᠯᠤᠭᠰᠠᠨ ᠪᠥᠭᠡᠳ ᠪᠠᠰᠠ ᠰᠣᠶᠣᠯ ᠤᠨ ᠠᠵᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠬᠢ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠠᠶᠢᠵᠤ᠂ ᠲᠥᠪ ᠶᠣᠰᠣ ᠬᠢᠭᠡᠳ ᠶᠢᠷᠲᠢᠨᠴᠦ ᠶᠢ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠤᠨ᠂ ᠮᠥᠨ ᠴᠢᠨᠠᠷ ᠪᠠ ᠢᠯᠡᠷᠡᠯ ᠢ ᠨᠡᠪᠲᠡᠷᠡᠯᠴᠡᠭᠦᠯᠵᠦ᠂ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠵᠠᠮ ᠱᠤᠭᠤᠮ ᠤᠨ ᠵᠢᠷᠤᠭ ᠪᠠ ᠡᠭᠦᠷᠭᠡ ᠶᠢᠨ ᠪᠢᠴᠢᠭ ᠢ ᠲᠣᠳᠣᠷᠬᠠᠶᠢᠯᠠᠵᠤ᠂ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ᠂ ᠮᠠᠨ ᠤ ᠨᠠᠮ ᠤᠨ ᠲᠡᠦᠬᠡᠨ ᠢᠲᠡᠭᠡᠯ᠂ ᠰᠣᠶᠣᠯ ᠤᠨ ᠢᠲᠡᠭᠡᠯ ᠰᠢᠨ᠎ᠡ ᠥᠨᠳᠥᠷᠴᠡ ᠳᠤ ᠭᠦᠷᠦᠭᠰᠡᠨ ᠢ ᠲᠣᠳᠣᠷᠬᠠᠶᠢᠯᠠᠭᠰᠠᠨ ᠪᠥᠭᠡᠳ ᠮᠠᠨ ᠤ ᠤᠯᠤᠰ ᠤᠨ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠳᠤᠮᠳᠠ ᠬᠦᠴᠦᠷᠬᠡᠭ ᠶᠡᠭᠡ ᠠᠤᠭ᠎ᠠ ᠬᠦᠴᠦᠨ ᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠵᠦ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨ ᠤ ᠠᠵᠢᠯᠯᠠᠭᠠᠨ ᠤ ᠵᠦᠭᠯᠡᠭᠦᠷ ᠬᠠᠩᠭᠠᠪᠠ᠃    ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠨᠢᠭᠡᠨ ᠲᠠᠰᠤᠷᠠᠯᠳᠠ ᠦᠭᠡᠢ ᠥᠷᠨᠢᠵᠦ ᠪᠠᠶᠢᠭ᠎ᠠ᠂ ᠨᠡᠭᠡᠭᠡᠯᠲᠡᠲᠤ ᠮᠠᠶ᠋ᠢᠭ ᠤᠨ ᠦᠵᠡᠯ ᠰᠠᠨᠠᠭᠠᠨ ᠤ ᠰᠢᠰᠲ᠋ᠧᠮ ᠮᠥᠨ᠂ ᠦᠢᠯᠡᠳᠦᠯᠭᠡ ᠶᠢᠨ ᠭᠦᠨᠵᠡᠭᠡᠶᠢᠷᠡᠬᠦ ᠶᠢ ᠳᠠᠭᠠᠯᠳᠤᠨ ᠲᠠᠰᠤᠷᠠᠯᠳᠠ ᠦᠭᠡᠢ ᠪᠠᠶᠠᠯᠢᠭᠵᠢᠨ ᠬᠥᠭᠵᠢᠬᠦ ᠨᠢ ᠯᠠᠪᠲᠠᠢ ᠶᠤᠮ᠃ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ᠂ ᠰᠤᠳᠤᠯᠬᠤ᠂ ᠲᠣᠳᠣᠷᠬᠠᠶᠢᠯᠠᠨ ᠲᠠᠶᠢᠯᠪᠤᠷᠢᠯᠠᠬᠤ ᠪᠠᠨ ᠦᠷᠭᠦᠯᠵᠢᠯᠡᠨ ᠴᠢᠩᠭᠠᠳᠬᠠᠬᠤ ᠪᠥᠭᠡᠳ ᠤᠬᠠᠮᠰᠠᠷ ᠠᠴᠠ ᠪᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠲᠠᠯ᠎ᠠ ᠪᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠤᠷᠠᠳᠪᠠ᠃ ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ᠂ ᠭᠦᠨᠵᠡᠭᠡᠶᠢᠷᠡᠭᠦᠯᠬᠦ ᠬᠠᠳᠠᠩᠰᠢᠭᠤᠯᠬᠤ ᠬᠤᠪᠢᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠭᠤᠣᠯ ᠤᠷᠤᠰᠬᠠᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠬᠤ ᠪᠠᠷ ᠭᠤᠣᠯᠳᠠᠯᠭ᠎ᠠ ᠪᠣᠯᠭᠠᠨ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠰᠠᠶᠢᠵᠢᠷᠠᠭᠤᠯᠤᠨ ᠰᠢᠨ᠎ᠡ ᠶᠢ ᠡᠭᠦᠳᠬᠦ ᠬᠡᠷᠡᠭᠲᠡᠢ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠬᠡᠷᠡᠭᠲᠡᠢ᠃ ᠭᠠᠳᠠᠭᠠᠳᠤ ᠤᠬᠠᠭᠤᠯᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠪᠣᠯᠪᠠᠰᠤᠨ ᠤ ᠳᠠᠮᠵᠢᠭᠤᠯᠬᠤ ᠬᠦᠴᠦᠨ ᠨᠥᠯᠥᠭᠡᠯᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠶᠤᠯ ᠲᠦᠭᠰᠢᠭᠦᠷᠢ ᠶᠢ ᠡᠷᠡᠰ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠵᠣᠷᠢᠭᠲᠠᠢ ᠪᠠᠷ ᠬᠤᠷᠴᠠ ᠰᠡᠯᠡᠮ᠎ᠡ ᠭᠠᠷᠭᠠᠵᠤ᠂ ᠵᠣᠷᠢᠭᠲᠠᠢ ᠪᠠᠷ ᠲᠡᠮᠡᠴᠡᠬᠦ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠺᠠᠳ᠋ᠷ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠣᠶᠣᠯ ᠤᠨ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠡᠮᠡᠴᠡᠯ ᠪᠠ ᠦᠢᠯᠡᠳᠦᠯᠭᠡ ᠶᠢᠨ ᠳᠤᠮᠳᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠣ᠋ ᠯᠧᠢ ᠠᠵᠢᠯ ᠤᠨ ᠪᠠᠶᠢᠷᠢᠯᠠᠭᠤᠯᠤᠯᠲᠠ ᠬᠢᠵᠡᠢ᠃ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    ᠲᠢᠶᠧ ᠨᠢᠩ᠂ ᠱᠧᠨ ᠢ ᠴᠢᠨ ᠬᠤᠷᠠᠯ ᠳᠤ ᠣᠷᠣᠯᠴᠠᠵᠠᠢ᠃    ᠲᠥᠪ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠡᠯ᠎ᠡ ᠨᠢᠭᠡᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号