ᠲᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠪᠡ ᠰᠢ ᠶᠢᠨ ᠫᠢᠩ ᠵᠤᠤ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠣᠷᠣᠯᠴᠠᠵᠤ ᠪᠠᠶᠠᠷ ᠬᠦᠷᠭᠡᠵᠡᠢ ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/10/12
     ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 9 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠵᠣᠣ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠨ ᠪᠠᠶᠠᠷ ᠬᠦᠷᠭᠡᠵᠦ᠂ ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃
 
   10 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠠᠴᠠ ᠬᠤᠷᠠᠯ ᠳᠤ ᠤᠷᠤᠯᠴᠠᠬᠰᠡᠨ ᠲᠥᠯᠥᠭᠡᠯᠡᠭᠴᠢᠳ ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠭᠤᠣᠯ ᠳᠤᠮᠳᠠ ᠳᠤᠮᠳᠠᠳᠤ ᠤᠯᠤᠰ ᠤᠨ ᠠᠵᠢᠯᠴᠢᠨ ᠤ ᠡᠪᠯᠡᠯ ᠪᠣᠯᠣᠨ ᠳᠤᠮᠳᠠᠳᠤ ᠤᠯᠤᠰ ᠤᠨ ᠠᠵᠢᠯᠴᠢᠨ ᠠᠩᠭᠢ ᠶᠢᠨ ᠪᠦᠯᠬᠦᠮᠳᠡᠯ ᠨᠢᠭᠡᠳᠦᠯ ᠢ ᠪᠡᠯᠭᠡᠳᠡᠭᠰᠡᠨ ᠠᠵᠢᠯᠴᠢᠨ ᠤ ᠡᠪᠯᠡᠯ ᠤᠨ ᠰᠦᠯᠳᠡ ᠭᠢᠯᠠᠯᠵᠠᠵᠤ᠂ 10 ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕︾ ᠭᠡᠬᠦ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ᠃ ᠪᠦᠭᠦ ᠤᠯᠤᠰ ᠤᠨ ᠡᠯ᠎ᠡ ᠠᠵᠢᠯ ᠲᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ 2000 ᠰᠢᠬᠠᠮ ᠲᠥᠯᠥᠭᠡᠯᠡᠭᠴᠢ ᠪᠣᠯᠣᠨ 50 ᠭᠠᠷᠤᠢ ᠣᠨᠴᠠ ᠤᠷᠢᠭᠰᠠᠨ ᠲᠥᠯᠥᠭᠡᠯᠡᠭᠴᠢ ᠲᠦᠭ ᠲᠦᠮᠡᠨ ᠠᠵᠢᠯᠲᠠᠨ ᠠᠵᠢᠯᠴᠢᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ ᠣᠷᠣᠯᠴᠠᠪᠠ᠃ ᠦᠳᠡ ᠶᠢᠨ ᠡᠮᠦᠨᠡᠬᠢ 10 ᠴᠠᠭ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠶ ᠳᠤ ᠣᠷᠣᠵᠤ ᠢᠷᠡᠬᠦ ᠦᠶᠡᠰ ᠲᠠᠯᠠᠪᠠᠶ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃
 
   10 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠂ ᠯᠢ ᠰᠢ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠮ᠊ ‍ᠠᠨ ᠤ ᠤᠯᠤᠰ ᠤᠨ ᠠᠵᠢᠯᠴᠢᠨ ᠠᠩᠭᠢ ᠶᠢᠨ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠳᠤ ᠣᠷᠤᠯᠴᠠᠬᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ ᠤᠨ ᠥᠷᠭᠡᠨ ᠣᠯᠠᠨ ᠠᠵᠢᠯᠲᠠᠨ ᠠᠵᠢᠯᠴᠢᠨ ᠪᠠ ᠠᠵᠢᠯᠴᠢᠨ ᠤ ᠡᠪᠯᠡᠯ ᠤᠨ ᠺᠠᠳ᠋ᠷᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃     ᠼᠠᠢ ᠴᠢ ᠪᠠᠶᠠᠷ ᠤᠨ ᠦᠭᠡ ᠳᠡᠭᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠳᠣᠯᠣᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠱᠠᠲᠤᠨ ᠤ ᠠᠵᠢᠯᠴᠢᠨ ᠤ ᠡᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠵᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠥᠷᠭᠡᠨ ᠤᠯᠠᠨ ᠠᠵᠢᠯᠲᠠᠨ ᠠᠵᠢᠯᠴᠢᠨ ᠢ ᠲᠠᠶᠢᠴᠢᠯᠠᠨ ᠰᠢᠨ᠎ᠡ ᠴᠠᠭ ᠦᠶ᠎ᠡ ᠳᠤ ᠢᠳᠡᠪᠬᠢᠲᠡᠢ ᠪᠠᠷ ᠭᠠᠪᠢᠶ᠎ᠠ ᠪᠠᠶᠢᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠯᠬᠤᠭ᠎ᠠ ᠨᠢᠭᠡᠲᠡᠢ ᠤᠷᠤᠭᠰᠢᠯᠠᠵᠠᠢ ᠭᠡᠵᠦ ᠬᠡᠯᠡᠪᠡ᠃ ᠼᠠᠢ ᠴᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠭᠲᠠᠭᠠᠪᠠ᠃ ᠨᠠᠮ ᠤᠨ ᠭᠤᠣᠯ ᠡᠭᠦᠷᠭᠡ ᠪᠣᠯ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠪᠠ ᠠᠵᠢᠯᠴᠢᠨ ᠤ ᠡᠪᠯᠡᠯ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠣᠯᠣᠨ᠎ᠠ᠃ ᠠᠵᠢᠯᠴᠢᠨ ᠠᠩᠭᠢ ᠦᠨᠡᠨᠴᠢ ᠰᠢᠳᠤᠷᠭᠤ ᠨᠠᠶᠢᠳᠠᠪᠤᠷᠢᠲᠠᠢ ᠪᠠᠶᠢᠬᠤ ᠣᠪᠣᠷ ᠢᠶᠠᠷ ᠠᠵᠢᠯᠴᠢᠨ ᠠᠩᠭᠢ ᠶᠢᠨ ᠤᠯᠤᠰ ᠲᠦᠷᠦ ᠶᠢᠨ ᠣᠣᠷ ᠴᠢᠨᠠᠷ ᠢᠶᠠᠨ ᠦᠷᠭᠦᠯᠵᠢᠯᠡᠭᠦᠯᠵᠦ᠂ ᠬᠥᠳᠡᠯᠮᠦᠷᠢᠯᠡᠵᠦ ᠡᠭᠦᠳᠦᠨ ᠪᠦᠲᠦᠭᠡᠬᠦ ᠪᠠᠷ ᠳᠠᠮᠵᠢᠨ ᠠᠵᠢᠯᠴᠢᠨ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠣᠷᠦ᠋ᠢᠯᠠᠭᠰᠠᠨ ᠡᠷᠳᠡᠮ ᠴᠢᠳᠠᠪᠤᠷᠢ ᠪᠠᠷ ᠢᠶᠠᠨ ᠠᠵᠢᠯᠴᠢᠨ ᠠᠩᠭᠢ ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠪᠦᠯᠬᠦᠮᠳᠡᠨ ᠲᠡᠮᠡᠴᠡᠬᠦ ᠪᠠᠷ ᠳᠠᠮᠵᠢᠨ ᠠᠵᠢᠯᠴᠢᠨ ᠠᠩᠭᠢ ᠶᠢᠨ ᠡᠷᠬᠢᠮ ᠳᠡᠭᠡᠳᠦ ᠵᠠᠩ ᠴᠢᠨᠠᠷ ᠢ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠠᠵᠢᠯᠲᠠᠨ ᠠᠵᠢᠯᠴᠢᠨ ᠳᠤ ᠴᠢᠩ ᠦᠨᠡᠨᠴᠢ ᠪᠠᠷ ᠦᠢᠯᠡᠴᠢᠯᠡᠵᠦ᠂ ᠵᠥᠪ ᠤᠯᠤᠰ ᠲᠥᠷᠥ ᠶᠢᠨ ᠴᠢᠭᠯᠡᠯ ᠢ ᠢᠮᠠᠭᠲᠠ ᠪᠠᠷᠢᠮᠲᠠᠯᠠᠵᠤ ᠂ ᠪᠦᠯᠬᠦᠮᠳᠡᠨ ᠲᠡᠮᠡᠴᠡᠬᠦ ᠠᠤᠭ᠎ᠠ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ ᠬᠤᠸᠠ᠂ ᠤᠷᠢᠳ ᠬᠤᠵᠢᠳ ᠠᠷᠠᠳ ᠤᠨ ᠪᠦᠯᠭᠦᠮ ᠪᠣᠯᠣᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠡᠮᠦᠨ᠎ᠡ ᠠᠴᠠ ᠶᠡᠭᠡ ᠬᠤᠷᠠᠯ ᠳᠤ ᠪᠠᠶᠠᠷ ᠤᠨ ᠦᠭᠡ ᠬᠡᠯᠡᠵᠡᠢ᠃     ᠸᠠᠩ ᠳ᠋ᠦᠩ ᠮᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠡᠮᠦᠨ᠎ᠡ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ᠃ ᠮᠡᠳᠡᠭᠦᠯᠦᠯᠲᠡ ᠨᠢ 3 ᠬᠡᠰᠡᠭ ᠢᠶᠠᠷ ᠪᠦᠷᠢᠯᠳᠦᠵᠡᠢ᠄ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠬᠥᠭᠵᠢᠯᠲᠡ ᠪᠣᠯᠣᠨ ᠥᠩᠭᠡᠷᠡᠭᠰᠡᠨ ᠲᠠᠪᠤᠨ ᠵᠢᠯ ᠤᠨ ᠠᠵᠢᠯ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠢᠯᠴᠢᠨ ᠤ ᠡᠪᠯᠡᠯ ᠤᠨ ᠠᠵᠢᠯ ᠢ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠬᠤ︔ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ ᠵᠡᠷᠭᠡ ᠪᠣᠯᠣᠨ᠎ᠠ᠃ ᠶᠡᠭᠡ ᠬᠤᠷᠠᠯ ᠠᠴᠠ ᠪᠢᠴᠢᠭ ᠤᠨ ᠭᠡᠯᠪᠡᠷᠢ ᠪᠠᠷ ᠲᠥᠯᠥᠭᠡᠯᠡᠭᠴᠢᠳ ᠲᠤ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾᠂ ︽ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ︾᠂ ︽ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠮᠡᠳᠡᠭᠦᠯᠦᠯᠲᠡ︾ ᠶᠢ ᠳᠡᠪᠰᠢᠭᠦᠯᠵᠦ᠂ ᠲᠥᠯᠥᠭᠡᠯᠡᠭᠴᠢᠳ ᠢᠶᠠᠷ ᠬᠢᠨᠠᠨ ᠵᠥᠪᠯᠡᠭᠦᠯᠦᠨ᠎ᠡ᠃ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃    ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠰᠢᠶᠠᠩᠭᠠᠩ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠵᠢᠯᠴᠢᠨ ᠤ ᠡᠪᠯᠡᠯ ᠤᠨ ᠡᠲᠡᠭᠡᠳ ᠤᠨ ᠨᠠᠶᠢᠵᠠ ᠨᠠᠷ᠂ ᠨᠡᠶᠢᠰᠯᠡᠯ ᠤᠨ ᠡᠯ᠎ᠡ ᠡᠲᠡᠭᠡᠳ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠨᠠᠷ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号