ᠰᠢ ᠶᠢᠨ ᠫᠢᠩ ᠠᠮᠧᠷᠢᠺᠠ ᠶᠢᠨ ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠣᠯᠠᠨ ᠲᠣᠭᠠᠲᠤ ᠨᠠᠮ ᠤᠨ ᠤᠳᠤᠷᠢᠳᠤᠭᠴᠢ ᠱᠦᠮᠦᠸᠧ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/10/12
  10 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠤᠯᠠᠨ ᠲᠣᠭᠠᠲᠤ ᠨᠠᠮ ᠤᠨ ᠤᠳᠤᠷᠢᠳᠤᠭᠴᠢ ᠱᠦᠮᠦᠸᠧ ᠶᠢᠨ ᠳᠠᠭᠠᠭᠤᠯᠤᠭᠰᠠᠨ ᠠᠮᠧᠷᠢᠺᠠ ᠶᠢᠨ ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠬᠤᠶᠠᠷ ᠨᠠᠮ ᠤᠨ ᠲᠥᠯᠥᠭᠡᠯᠡᠭᠴᠢᠳ ᠤᠨ ᠪᠦᠯᠭᠦᠮ ᠲᠠᠢ ᠠᠭᠤᠯᠵᠠᠪᠠ᠃
 
   ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯᠠᠲᠤ ᠬᠠᠷᠢᠯᠴᠠᠭ᠎ᠠ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠬᠡᠷᠬᠢᠨ ᠬᠠᠷᠢᠯᠴᠠᠬᠤ ᠨᠢ ᠬᠥᠮᠥᠨ ᠲᠥᠷᠥᠯᠬᠢᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠲᠣᠭᠲᠠᠭᠠᠳᠠᠭ᠃ ᠥᠷᠢᠰᠦᠯᠳᠦᠭᠡᠨ ᠡᠰᠡᠷᠭᠦᠴᠡᠯᠳᠦᠯ ᠨᠢ ᠴᠠᠭ ᠦᠶ᠎ᠡ ᠶᠢᠨ ᠤᠷᠤᠰᠬᠠᠯ ᠲᠠᠢ ᠨᠡᠶᠢᠴᠡᠬᠦ ᠦᠭᠡᠢ᠂ ᠨᠡᠩ ᠴᠤ ᠲᠤᠰ ᠤᠯᠤᠰ ᠤᠨ ᠢᠶᠠᠨ ᠠᠰᠠᠭᠤᠳᠠᠯ ᠪᠠ ᠳᠡᠯᠡᠬᠡᠢ ᠶᠢᠷᠲᠢᠨᠴᠦ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠳᠤᠮᠳᠠᠳᠤ ᠠᠮᠧᠷᠢᠺᠠ ᠶᠢᠨ ᠬᠠᠮᠲᠤ ᠶᠢᠨ ᠠᠰᠢᠭ ᠲᠤᠰᠠ ᠨᠢ ᠵᠥᠷᠢᠯᠳᠦᠭᠡᠨ ᠠᠴᠠ ᠬᠤᠯᠠ ᠶᠡᠭᠡ᠂ ᠳᠤᠮᠳᠠᠳᠤ ᠠᠮᠧᠷᠢᠺᠠ ᠶᠢᠨ ᠲᠤᠰ ᠲᠤᠰ ᠤᠨ ᠣᠯᠣᠭᠰᠠᠨ ᠠᠮᠵᠢᠯᠲᠠ ᠨᠢ ᠬᠠᠷᠢᠯᠴᠠᠨ ᠨᠦᠭᠦᠭᠡ ᠲᠠᠯ᠎ᠠ ᠶᠢᠨ ᠢᠶᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ  ᠥᠷᠢᠰᠦᠯᠳᠦᠭᠡᠨ ᠪᠤᠯᠬᠤ ᠦᠭᠡᠢ ᠭᠡᠵᠦ ᠳᠤᠮᠳᠠᠳᠤ ᠤᠯᠤᠰ ᠢᠮᠠᠭᠲᠠ ᠦᠵᠡᠭᠰᠡᠭᠡᠷ ᠢᠷᠡᠪᠡ᠃ ︽ᠰᠢᠦᠺᠢᠳᠢᠳ᠋ ᠤᠨ ᠤᠨᠠᠭᠤᠯᠢ︾ ᠨᠢ ᠵᠠᠶᠢᠯᠠᠰᠢ ᠦᠭᠡᠢ ᠶᠠᠪᠤᠳᠠᠯ ᠪᠢᠰᠢ᠂ ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ᠂ ᠬᠠᠮᠲᠤ ᠶᠢᠨ ᠴᠡᠴᠡᠭᠯᠡᠯ ᠬᠥᠭᠵᠢᠯ ᠢ ᠪᠦᠷᠢᠮᠦᠰᠦᠨ ᠪᠠᠭᠲᠠᠭᠠᠵᠤ ᠲᠡᠶᠢᠯᠦᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ ᠠᠭᠤᠰᠤᠯᠴᠠᠵᠤ᠂ ᠬᠡᠨ ᠠᠯᠢᠨ ᠠᠴᠠ ᠪᠠᠨ ᠦᠯᠦ ᠰᠠᠯᠵᠤ ᠴᠢᠳᠠᠨ᠂ ᠨᠦᠭᠦᠭᠡ ᠲᠠᠯ᠎ᠠ ᠶᠢᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠣᠯᠣᠨ᠎ᠠ᠃ ᠪᠦᠭᠦ ᠪᠥᠮᠪᠥᠷᠴᠡᠭ ᠤᠨ ᠬᠢᠵᠢᠭ ᠤᠨ ᠳᠠᠷᠠᠭᠠᠬᠢ ᠰᠡᠷᠭᠦᠯᠲᠡ᠂ ᠠᠭᠤᠷ ᠠᠮᠢᠰᠬᠤᠯ ᠤᠨ  ᠬᠤᠪᠢᠷᠠᠯᠲᠠ ᠶᠢ ᠠᠷᠭᠠᠴᠠᠭᠠᠬᠤ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠥᠮ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠱᠠᠭᠠᠷᠳᠠᠨ᠎ᠠ᠃ ᠳᠤᠮᠳᠠᠳᠤ ᠠᠮᠧᠷᠢᠺᠠ ᠨᠢ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ᠂ ᠲᠣᠮᠣ ᠤᠯᠤᠰ ᠤᠨ ᠬᠡᠬᠦᠳᠡᠭ ᠴᠡᠭᠡᠵᠢ ᠂ ᠬᠠᠷᠠᠭᠠᠰᠤ ᠪᠣᠯᠣᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠲᠡᠦᠬᠡ᠂ ᠠᠷᠠᠳ ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠵᠤ  ᠬᠠᠮᠲᠤ ᠪᠠᠷ ᠠᠰᠢᠭ ᠬᠦᠷᠲᠡᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠵᠦ᠂ ᠬᠥᠮᠥᠨ ᠲᠥᠷᠥᠯᠬᠢᠲᠡᠨ ᠤ ᠨᠡᠶᠢᠭᠡᠮ ᠤᠨ ᠲᠠᠪᠰᠢᠯᠳᠠ ᠶᠢ  ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠲᠠᠪᠤᠨ ᠮᠢᠩᠭ᠎ᠠ ᠭᠠᠷᠤᠢ ᠵᠢᠯ ᠦᠷᠭᠦᠯᠵᠢᠯᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠪᠦᠭᠦᠨ ᠢ ᠬᠠᠮᠤᠷᠴᠤ ᠪᠦᠭᠦᠨ ᠢ ᠪᠠᠭᠲᠠᠭᠠᠬᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ ᠡᠩᠬᠡ ᠲᠠᠶᠢᠪᠤᠩ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠭᠰᠠᠭᠠᠷ ᠢᠷᠡᠵᠡᠢ᠃ ᠳᠤᠮᠳᠠᠳᠤ ᠤᠯᠤᠰ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠴᠦ᠂ ᠬᠠᠷᠢᠴᠠᠯᠠᠰᠢᠭᠦᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠦᠭᠰᠡᠨ ᠤ ᠦᠨᠳᠦᠰᠦᠨ ᠰᠢᠯᠲᠠᠭᠠᠨ ᠪᠣᠯ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ᠂ ᠠᠷᠠᠳ ᠲᠦᠮᠡᠨ ᠤ ᠳᠡᠮᠵᠢᠯᠭᠡ ᠶᠢ ᠣᠯᠣᠭᠰᠠᠨ ᠠᠮᠵᠢᠯᠲᠠ ᠲᠠᠢ ᠬᠥᠭᠵᠢᠯᠲᠡ ᠶᠢᠨ ᠵᠠᠮ ᠢ ᠡᠷᠢᠵᠦ ᠣᠯᠣᠭᠰᠠᠨ ᠳᠤ ᠪᠠᠶᠢᠨ᠎ᠠ᠃ ᠳᠤᠮᠳᠠᠳᠤ ᠤᠯᠤᠰ   ᠦᠷᠭᠦᠯᠵᠢᠯᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ  ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠡᠩᠬᠡ ᠲᠠᠶᠢᠪᠤᠩ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠳᠡᠯᠡᠬᠡᠢ ᠶᠢᠨ ᠡᠯ᠎ᠡ ᠤᠯᠤᠰ ᠲᠠᠢ   ᠬᠠᠮᠲᠤ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠮᠧᠷᠢᠺᠠ ᠶᠢᠨ ᠤᠯᠤᠰ ᠤᠨ ᠬᠤᠷᠠᠯ ᠤᠨ ᠨᠡᠩ ᠤᠯᠠᠨ ᠭᠡᠰᠢᠭᠦᠨ ᠳᠤᠮᠳᠠᠳᠤ ᠤᠯᠤᠰ ᠲᠤ ᠠᠶᠢᠯᠴᠢᠯᠠᠵᠤ᠂ ᠳᠤᠮᠳᠠᠳᠤ ᠤᠯᠤᠰ ᠤᠨ ᠥᠩᠭᠡᠷᠡᠭᠰᠡᠨ᠂ ᠤᠳᠤ ᠪᠠ ᠢᠷᠡᠭᠡᠳᠦᠢ ᠶᠢ ᠨᠡᠩ ᠰᠠᠶᠢᠨ ᠣᠶᠢᠯᠠᠭᠠᠬᠤ ᠶᠢ   ᠪᠠᠶᠠᠷᠯᠠᠨ ᠤᠭᠲᠤᠵᠤ ᠪᠠᠶᠢᠨ᠎ᠠ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠢᠯᠡᠭᠦᠬᠡᠨ ᠶᠠᠪᠤᠯᠴᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠰᠠᠨᠠᠯ   ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠪᠤᠷᠢᠵᠢᠭᠤᠯᠬᠤ᠂ ᠰᠠᠶᠢᠵᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠱᠦᠮᠦᠸᠧ ᠨᠠᠷ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠤ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠂ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠪᠢᠳᠡᠨ ᠳᠤ ᠳᠤᠮᠳᠠᠳᠤ ᠤᠯᠤᠰ ᠤᠨ  ᠬᠥᠭᠵᠢᠯᠲᠡ ᠶᠢᠨ ᠠᠮᠢᠵᠢᠷᠠᠯ ᠤᠨ ᠬᠦᠴᠦᠨ ᠪᠣᠯᠣᠨ ᠳᠠᠯᠳᠠ ᠬᠦᠴᠦᠨ ᠢ ᠮᠡᠳᠡᠷᠡᠭᠦᠯᠪᠡ ᠭᠡᠵᠦ ᠢᠯᠡᠳᠬᠡᠵᠡᠢ᠃ ᠱᠦᠮᠦᠸᠧ ᠨᠠᠷ ᠳᠤᠮᠳᠠᠳᠤ ᠠᠮᠧᠷᠢᠺᠠ ᠶᠢᠨ   ᠬᠠᠷᠢᠯᠴᠠᠭ᠎ᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠵᠡᠯᠲᠡ ᠪᠠ ᠰᠠᠨᠠᠯ ᠢᠶᠠᠨ ᠲᠠᠨᠢᠯᠴᠠᠭᠤᠯᠵᠤ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ  ᠲᠣᠭᠲᠠᠭᠤᠨ ᠬᠥᠭᠵᠢᠯᠲᠡ ᠨᠢ ᠠᠮᠧᠷᠢᠺᠠ ᠳᠤᠮᠳᠠᠳᠤ ᠬᠤᠶᠠᠷ ᠤᠯᠤᠰ ᠲᠤ ᠲᠦᠢᠯ ᠤᠨ ᠴᠢᠬᠤᠯᠠ ᠪᠠᠷ ᠪᠠᠷᠠᠬᠤ ᠦᠭᠡᠢ᠂ ᠳᠡᠯᠡᠬᠡᠢ ᠶᠢᠨ ᠡᠩᠬᠡ ᠲᠠᠶᠢᠪᠤᠩ ᠪᠠ  ᠬᠥᠭᠵᠢᠯᠲᠡ ᠳᠤ ᠴᠦ ᠬᠤᠯᠪᠣᠭᠳᠠᠨ᠎ᠠ᠃ ᠳᠤᠮᠳᠠᠳᠤ ᠤᠯᠤᠰ ᠤᠨ ᠬᠥᠭᠵᠢᠯ ᠴᠡᠴᠡᠭᠯᠡᠯ ᠨᠢ ᠠᠮᠧᠷᠢᠺᠠ ᠶᠢᠨ ᠠᠷᠠᠳ ᠲᠦᠮᠡᠨ ᠳᠤ ᠠᠰᠢᠭᠲᠠᠢ ᠶᠤᠮ᠃ ᠠᠮᠧᠷᠢᠺᠠ ᠶᠢᠨ  ᠬᠢᠨ ᠳᠤᠮᠳᠠᠳᠤ ᠤᠯᠤᠰ ᠯᠤᠭ᠎ᠠ ᠮᠥᠷᠭᠦᠯᠳᠦᠭᠡᠨ ᠭᠠᠷᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠯᠤᠭ᠎ᠠ ᠬᠠᠷᠢᠯᠴᠠᠭ᠎ᠠ ᠪᠠᠨ ᠲᠠᠰᠤᠯᠬᠤ ᠶᠢ ᠬᠦᠰᠡᠬᠦ ᠦᠭᠡᠢ᠂ ᠳᠤᠷᠠᠲᠠᠶ᠎ᠠ ᠳᠤᠮᠳᠠᠳᠤ ᠤᠯᠤᠰ ᠲᠠᠢ ᠨᠡᠭᠡᠭᠡᠯᠲᠡᠲᠡᠢ ᠦᠨᠡᠨᠴᠢ ᠰᠢᠳᠤᠷᠭᠤ᠂ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠪᠠᠷ ᠶᠠᠷᠢᠯᠴᠠᠭ᠎ᠠ ᠣᠯᠣᠯᠴᠠᠭ᠎ᠠ ᠪᠠᠨ  ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠵᠦ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ  ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠬᠤᠣᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ᠂ ᠭᠠᠵᠠᠷ  ᠣᠷᠣᠨ ᠤ ᠮᠥᠷᠭᠦᠯᠳᠦᠭᠡᠨ ᠢ ᠰᠢᠢᠳᠪᠦᠷᠢᠯᠡᠬᠦ ᠵᠡᠷᠭᠡ ᠠᠰᠠᠭᠤᠳᠠᠯ ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠸᠠᠩ ᠢ ᠠᠭᠤᠯᠵᠠᠯᠲᠠ ᠳᠤ ᠣᠷᠣᠯᠴᠠᠵᠠᠢ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号