ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠬᠡᠯᠪᠡᠷᠢ ᠶᠢᠨ ᠨᠡᠶᠢᠯᠡᠮᠡᠯ ᠲᠠᠷᠢᠮᠠᠯ ᠰᠢᠯᠢᠳᠡᠭ ᠠᠮᠵᠢᠯᠲᠠ ᠶᠢ ᠡᠭᠦᠳᠪᠡ
ᠨᠡᠶᠢᠲᠡᠯᠡᠭᠰᠡᠨ ᠴᠠᠭ᠄
2023/10/16
 
 ᠨᠠᠮᠤᠷ ᠤᠨ ᠠᠮᠤ ᠪᠤᠳᠠᠭ᠎ᠠ ᠶᠢ ᠡᠬᠢᠯᠡᠨ ᠬᠤᠷᠢᠶᠠᠵᠤ᠂ ᠣᠶᠢᠷ᠎ᠠ ᠳᠤ᠂ ᠮᠠᠨ ᠤ ᠠᠶᠢᠮᠠᠭ ᠪᠥᠬᠦ ᠤᠯᠤᠰ ᠤᠨ ᠲᠤᠰᠬᠠᠶ ᠮᠡᠷᠭᠡᠵᠢᠯᠲᠡᠳ ᠢ ᠤᠷᠢᠵᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠳᠠᠷᠢᠬᠤ ᠮᠡᠷᠭᠡᠵᠢᠯ ᠤᠨ ᠵᠢᠱᠢᠶ᠎ᠡ ᠦᠵᠡᠭᠦᠯᠬᠦ ᠲᠠᠷᠢᠶᠠᠨ ᠳᠤ ᠤᠨᠠᠯᠲᠠ ᠶᠢ ᠬᠡᠮᠵᠢᠨ ᠪᠠᠶᠢᠴᠠᠭᠠᠯᠲᠠ ᠬᠢᠯᠭᠡᠵᠡᠶ᠃ ᠰᠢᠷ᠎ᠠ ᠪᠤᠷᠴᠠᠭ ᠤᠨ ︽ᠵᠥᠩ ᠯᠢᠶᠠᠨ ᠪᠤᠷᠴᠠᠭ 1510︾ ᠡᠭᠦᠯᠳᠡᠷ ᠤᠨ ᠲᠤᠷᠰᠢᠯᠲᠠ ᠶᠢᠨ  ᠴᠡᠭ ᠤᠨ ᠲᠠᠷᠢᠮᠠᠯ ᠤᠨ ᠰᠠᠭᠤᠷᠢᠨ ᠭᠠᠵᠠᠷ ᠤᠨ ᠮᠥ ᠪᠦᠷᠢ ᠶᠢᠨ ᠤᠨᠠᠯᠲᠠ 309.3 ᠺᠢᠯᠣᠭ᠍ᠷᠠᠮ ᠳᠤ ᠬᠦᠷᠴᠦ᠂ ᠲᠣᠰ ᠲᠠᠷᠢᠮᠠᠯ ᠤᠨ ᠵᠠᠭᠪᠤᠷ ᠤᠨ ᠳᠣᠤᠷ᠎ᠠ ᠰᠢᠷ᠎ᠠ ᠪᠤᠷᠴᠠᠭ ᠤᠨ ᠮᠥ ᠪᠦᠷᠢ ᠶᠢᠨ ᠤᠨᠠᠯᠲᠠ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃    ᠣᠶᠢᠯᠠᠭᠠᠭᠰᠠᠨ ᠢᠶᠠᠷ᠂ ᠮᠠᠨ ᠤ ᠠᠶᠢᠮᠠᠭ ᠨᠢᠭᠡᠨᠲᠡ 3 ᠵᠢᠯ ᠳᠠᠷᠠᠭᠠᠯᠠᠨ ᠤᠯᠤᠰ ᠤᠨ ᠰᠢᠷ᠎ᠠ ᠪᠤᠷᠴᠠᠭ ᠤᠨ ᠡᠷᠳᠡᠨᠢ ᠰᠢᠰᠢ ᠶᠢ ᠠᠵᠤ ᠦᠶᠢᠯᠡᠰᠵᠢᠭᠦᠯᠦᠨ ᠬᠡᠷᠡᠭᠯᠡᠬᠦ ᠲᠤᠷᠰᠢᠯᠲᠠ ᠶᠢᠨ ᠴᠡᠭ ᠤᠨ ᠠᠵᠢᠯ ᠢ ᠡᠭᠦᠷᠭᠡᠯᠡᠵᠦ᠂ ︽4+2︾ ︽4+4︾ ︽6+2︾ ︽8+4︾ ᠵᠡᠷᠭᠡ ᠪᠦᠰᠡᠯᠢᠭ ᠲᠠᠷᠢᠮᠠᠯ ᠤᠨ ᠵᠠᠭᠪᠤᠷ ᠢ ᠢᠳᠡᠪᠬᠢᠲᠡᠶ ᠳᠡᠯᠭᠡᠷᠡᠭᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠣᠯᠤᠨ ᠮᠠᠯᠴᠢᠨ ᠲᠠᠷᠢᠶᠠᠴᠢᠨ ᠲᠦᠮᠡᠨ ᠳᠤ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠮᠡᠷᠭᠡᠵᠢᠯ ᠤᠨ ᠭᠤᠤᠯᠳᠠᠯᠭ᠎ᠠ ᠶᠢ ᠰᠠᠶᠢᠲᠤᠷ ᠡᠵᠡᠮᠰᠢᠭᠦᠯᠵᠦ᠂ ᠪᠥᠬᠦ ᠣᠷᠣᠨ ᠤ ︽ᠠᠮᠤ ᠪᠤᠳᠠᠭ᠎ᠠ ᠶᠢ ᠲᠣᠭᠲᠠᠪᠤᠷᠢᠵᠢᠭᠤᠯᠵᠤ ᠪᠤᠷᠴᠠᠭ ᠢ ᠨᠡᠮᠡᠭᠳᠡᠭᠦᠯᠬᠦ︾ ᠠᠵᠢᠯ ᠤᠨ ᠬᠠᠷᠠᠯᠲᠠ ᠶᠢ ᠪᠡᠶᠡᠯᠡᠭᠦᠯᠬᠦ ᠳᠤ ᠦᠷᠭᠦᠯᠵᠢᠯᠡᠨ ᠬᠢᠩᠭᠠᠨ ᠤ ᠬᠦᠴᠦᠨ ᠴᠢᠳᠠᠯ ᠢ ᠨᠡᠮᠡᠷᠢᠯᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号