ᠲᠥᠪ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠬᠢᠩᠭᠠᠨ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/16
    10 ᠰᠠᠷ᠎ᠠ ᠶᠢᠨ 12 ᠤᠨ ᠡᠳᠦᠷ᠂ ᠲᠥᠪ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠬᠢᠩᠭᠠᠨ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠠᠵᠢᠯ ᠢ ᠵᠢᠭᠠᠨ ᠵᠢᠯᠣᠭᠤᠳᠪᠠ᠃ ᠲᠥᠪ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠳᠤᠭᠤᠶᠢᠯᠠᠩ ᠤᠨ ᠳᠡᠳ᠋  ᠳᠠᠷᠤᠭ᠎ᠠ ᠵᠠᠩ ᠵᠢᠶ ᠵᠢᠴᠢ ᠲᠡᠭᠦᠨ ᠤ ᠪᠦᠷᠢᠯᠳᠦᠬᠦᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠶ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠢᠶᠠ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠲᠣᠭᠤᠷᠢᠨ ᠬᠢᠨᠠᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠮᠠ ᠴᠧᠨ ᠬᠤᠷᠠᠯ ᠳᠤ ᠣᠷᠣᠯᠴᠠᠵᠤ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠢᠩᠭᠠᠨ ᠠᠶᠢᠮᠠᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠴᠧ ᠵᠢᠶᠦ᠋ᠨ ᠵᠢᠯᠣᠭᠤᠳᠬᠤ ᠶᠠᠷᠢᠶ᠎ᠠ ᠲᠠᠯᠪᠢᠪᠠ᠃    ᠴᠧ ᠵᠢᠶᠦ᠋ᠨ ᠵᠢᠭᠠᠵᠤ ᠭᠠᠷᠭᠠᠭᠰᠠᠨ ᠨᠢ᠂ ᠬᠢᠩᠭᠠᠨ ᠠᠶᠢᠮᠠᠭ ᠤᠨ ᠭᠤᠤᠯ ᠰᠡᠳᠦᠪᠲᠦ ᠰᠤᠷᠭᠠᠨ ᠬᠥᠮᠦᠵᠢᠯ ᠤᠨ ᠡᠬᠢᠯᠡᠯᠲᠡ ᠤᠷᠤᠭᠰᠢᠲᠠᠶ᠂ ᠠᠬᠢᠴᠠ ᠯᠠᠪᠳᠠᠭᠤᠨ ᠪᠠᠲᠤᠲᠠᠶ ᠪᠠᠶᠢᠵᠤ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠠᠶ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠤᠨ ᠤᠭ ᠵᠣᠬᠢᠶᠠᠯ ᠢ ᠨᠢ ᠨᠠᠷᠢᠨ ᠬᠢᠨᠠᠮᠠᠭᠠᠢ ᠰᠤᠷᠤᠯᠴᠠᠨ ᠤᠭ ᠵᠣᠬᠢᠶᠠᠯ ᠢ ᠨᠢ ᠤᠩᠰᠢᠵᠤ ᠤᠭ ᠶᠣᠰᠣ ᠶᠢ ᠨᠢ ᠣᠶᠢᠯᠠᠭᠠᠵᠤ᠂ ᠪᠦᠬᠦᠯᠢ ᠴᠣᠭᠴᠠ ᠪᠠᠷ ᠨᠢ ᠡᠵᠡᠮᠳᠡᠵᠦ᠂ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠲᠤᠪᠤᠶᠢᠯᠭᠠᠵᠦ᠂ ᠬᠤᠪᠢ ᠬᠥᠮᠦᠨ ᠤ ᠠᠵᠢᠯ ᠤᠨ ᠪᠠᠶᠢᠷᠢ᠂ ᠠᠵᠢᠯ᠂ ᠰᠤᠷᠲᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠥᠪᠡᠷ ᠤᠨ ᠪᠡᠶ᠎ᠡ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠢᠯᠡᠳᠦᠯᠭᠡ ᠶᠢ ᠵᠢᠯᠣᠭᠤᠳᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠠᠷᠠᠳ ᠤᠯᠠᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠨᠢᠭᠡ ᠲᠠᠯ᠎ᠠ ᠪᠠᠷ ᠠᠶᠢᠮᠠᠭ ᠤᠨ ᠱᠠᠲᠤᠨ ᠤ ᠤᠳᠤᠷᠢᠳᠬᠤ ᠪᠠᠭ ᠤᠨ ᠲᠤᠰ ᠪᠡᠶ᠎ᠡ ᠶᠢᠨ ᠰᠤᠷᠤᠯᠴᠠᠯᠭ᠎ᠠ ᠶᠢ ᠠᠳᠬᠤᠵᠤ᠂ ᠨᠢᠭᠡ ᠲᠠᠯ᠎ᠠ ᠪᠠᠷ ᠬᠤᠰᠢᠭᠤ ᠰᠢᠶᠠᠨ ᠬᠤᠳᠠ ᠶᠢᠨ ᠤᠳᠤᠷᠢᠳᠬᠤ ᠪᠠᠭ ᠤᠨ ᠤᠨᠤᠯ ᠤᠨ ᠰᠤᠷᠤᠯᠴᠠᠯᠭ᠎ᠠ ᠶᠢ ᠠᠳᠬᠤᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠳᠤ ᠲᠦᠰᠢᠭᠯᠡᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷ ᠪᠣᠯᠤᠨ ᠥᠷᠭᠡᠨ ᠤᠯᠠᠨ ᠲᠦᠮᠡᠨ ᠤ ᠳᠤᠮᠳᠠ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠣᠭᠤᠷᠢᠨ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠦᠨᠡᠨᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠵᠦ᠂ ᠪᠠᠶᠢᠳᠠᠯ ᠢ ᠢᠯᠡᠭᠦᠬᠡᠨ ᠣᠶᠢᠯᠠᠭᠠᠵᠤ᠂ ᠬᠦᠴᠢᠷ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ᠂ ᠬᠢᠩᠭᠠᠨ ᠠᠶᠢᠮᠠᠭ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ ᠭᠡᠪᠠ᠃    ᠬᠢᠩᠭᠠᠨ ᠠᠶᠢᠮᠠᠭ ᠤᠨ ᠨᠠᠮ ᠤᠨ  ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ᠂  ᠵᠠᠬᠢᠷᠭ᠎ᠠ᠂ ᠤᠯᠤᠰ ᠲᠦᠷᠦ ᠶᠢᠨ ᠵᠥᠪᠯᠡᠯᠭᠡᠨ᠂ ᠠᠶᠢᠮᠠᠭ ᠤᠨ ᠨᠠᠮ ᠤᠨ  ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号