ᠬᠢᠩᠭᠠᠨ ᠠᠶᠢᠮᠠᠭ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/10/16
    10 ᠳ᠋ᠤᠭᠠᠷ ᠰᠠᠷ᠎ᠠ ᠶᠢᠨ 10 ᠤ ᠡᠳᠦᠷ ᠠᠴᠠ 14 ᠤ ᠡᠳᠦᠷ ᠪᠣᠯᠲᠠᠯ᠎ᠠ᠂ ᠬᠢᠩᠭᠠᠨ ᠠᠶᠢᠮᠠᠭ 2023 ᠣᠨ ᠤ ᠵᠢᠭᠤᠯᠴᠢᠯᠠᠯ ᠤᠨ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠵᠤ᠂ 2023 ᠣᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠵᠢᠭᠤᠯᠴᠢᠯᠠᠯ ᠤᠨ  ᠦᠢᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃    ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠲᠤᠴᠠᠭᠠᠨ ᠤ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠦᠴᠢᠦᠸᠠᠨ ᠰᠢᠶᠠᠨ ᠤ ᠠᠷᠠᠳ ᠤᠨ ᠵᠠᠩ  ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ᠂ ᠤᠯᠠᠭᠠᠨᠬᠤᠲᠠ ᠶᠢᠨ ᠬᠢᠩᠭᠠᠨ ᠤ ᠳᠠᠭᠠᠭᠤᠯᠤᠨ ᠡᠭᠦᠳᠬᠦ · ᠳᠡᠯᠭᠡᠨ ᠦᠵᠡᠭᠦᠯᠬᠦ ᠪᠡᠶᠡᠴᠢᠯᠡᠨ ᠣᠶᠢᠯᠠᠭᠠᠬᠤ ᠲᠥᠪ᠂ ᠵᠠᠯᠠᠶᠢᠳ ᠬᠤᠰᠢᠭᠤᠨ ᠤ  ᠬᠤᠯᠪᠤᠭ᠎ᠠ ᠲᠤᠲᠤᠷᠭ᠎ᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠷᠠᠰᠢᠶᠠᠨ ᠬᠤᠲᠠ ᠶᠢᠨ ᠣᠶ ᠰᠢᠭᠤᠶ ᠶᠢᠨ ᠴᠠᠰᠤᠲᠤ ᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠤᠳᠤ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠵᠡᠷᠭᠡ 15 ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ ᠲᠣᠭᠤᠷᠢᠨ  ᠦᠵᠡᠪᠡ᠃    ᠦᠵᠡᠭᠦᠯᠦᠯᠭᠡ ᠶᠢᠨ ᠶᠠᠪᠤᠴᠠ ᠳᠤ᠂ ᠤᠯᠠᠨ ᠢᠶᠠᠷ ᠢᠶᠠᠨ ᠰᠣᠶᠣᠯ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠲᠦᠷᠦᠯ ᠵᠦᠢᠯ ᠰᠢᠨ᠎ᠡ ᠦᠢᠯᠡᠳᠬᠦᠨ ᠢ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠵᠤ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠳ᠋ᠦᠩᠨᠡᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ ᠰᠣᠯᠢᠯᠴᠠᠨ᠎ᠠ᠃ ᠬᠠᠮᠲᠤ ᠪᠠᠷ ᠰᠦᠪᠡᠭᠴᠢᠯᠡᠨ᠂ ᠲᠣᠰ ᠪᠡᠶ᠎ᠡ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠲᠠᠨᠢᠵᠤ᠂ ᠵᠢᠭᠤᠯᠴᠢᠯᠠᠯ ᠤᠨ ᠬᠥᠭᠵᠢᠯᠲᠡ ᠶᠢᠨ ᠭᠤᠤᠯᠳᠠᠯᠭ᠎ᠠ ᠶᠢ ᠣᠨᠣᠪᠴᠢᠲᠠᠶ ᠡᠵᠡᠮᠳᠡᠨ᠂ ᠲᠠᠷᠠᠭᠠᠴᠢ ᠶᠢᠨ ᠠᠯᠬᠤᠮ ᠳᠤ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠥᠷᠭᠡᠳᠬᠡᠨ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠳᠤ ᠰᠠᠭᠤᠷᠢ ᠲᠠᠯᠪᠢᠵᠤ  ᠦᠭᠪᠡ᠃    2023 ᠣᠨ ᠳᠤ᠂ ᠬᠢᠩᠭᠠᠨ ᠠᠶᠢᠮᠠᠭ ᠤᠨ ᠬᠢᠨ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ 31 ᠵᠤᠭᠠᠴᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 24.07 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠪᠡᠯᠡ ᠣᠷᠣᠭᠤᠯᠤᠯᠲᠠ ᠨᠢ 10.33 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠤᠢ᠃ ᠣᠲᠣ ᠪᠣᠯᠲᠠᠯ᠎ᠠ᠂ ᠨᠢᠭᠡᠨᠲᠡ 7.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 15 ᠲᠥᠷᠥᠯ ᠵᠦᠢᠯ ᠢ ᠨᠢᠭᠡᠨᠲᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠪᠥᠭᠡᠳ ᠴᠡᠭ ᠢᠶᠠᠷ ᠤᠲᠠᠰᠤ ᠬᠤᠯᠪᠣᠬᠤ᠂ ᠱᠤᠭᠤᠮ ᠢᠶᠠᠷ ᠭᠠᠳᠠᠷ ᠢ ᠴᠣᠭᠴᠠᠯᠠᠬᠤ ᠪᠠᠷ ᠳᠠᠮᠵᠢᠭᠤᠯᠤᠨ᠂ ᠬᠤᠳᠠᠯᠳᠤᠭᠠᠨ ᠤ ᠴᠡᠭ ᠢ ᠪᠣᠶ ᠪᠣᠯᠭᠠᠵᠤ᠂ ᠤᠯᠤᠰ ᠤᠨ ᠳᠣᠲᠣᠭᠠᠳᠤ ᠶᠢᠨ ᠴᠢᠬᠤᠯᠠ ᠵᠢᠭᠤᠯᠴᠢᠯᠠᠯ ᠤᠨ ᠵᠣᠷᠢᠭᠰᠠᠨ ᠭᠠᠵᠠᠷ ᠢ ᠬᠦᠴᠦᠯᠡᠨ ᠪᠥᠲᠥᠭᠡᠨ ᠪᠠᠶᠢᠭᠤᠯᠪᠠ᠃    ᠣᠳᠣᠬᠠᠨ ᠳᠤ᠂ ᠬᠢᠩᠭᠠᠨ ᠠᠶᠢᠮᠠᠭ ᠠᠵᠤ ᠦᠢᠯᠡᠰ ᠤᠨ ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨᠬᠤᠲᠠ ᠶᠢᠨ ᠬᠢᠩᠭᠠᠨ ᠤ ᠳᠠᠭᠠᠭᠤᠯᠤᠨ ᠡᠭᠦᠳᠬᠦ · ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ᠂ ᠲᠦᠴᠢᠦᠸᠠᠨ ᠰᠢᠶᠠᠨ ᠤ ᠰᠠᠶᠢᠨᠬᠤᠸᠠ ᠰᠢᠭᠦᠰᠦᠯᠢᠭ ᠵᠢᠮᠢᠰ ᠤᠨ ᠤᠶᠤᠨᠲᠤ ᠲᠠᠷᠢᠶᠠᠯᠠᠩ ᠤᠨ ᠠᠵᠤ  ᠦᠢᠯᠡᠰ ᠤᠨ ᠬᠦᠷᠢᠶᠡᠯᠡᠩ᠂ ᠷᠠᠰᠢᠶᠠᠨ ᠬᠤᠲᠠ ᠶᠢᠨ ᠷᠧ ᠯᠢ MALL ᠠᠮᠲᠠᠲᠤ ᠢᠳᠡᠭᠡᠨ ᠤ ᠴᠡᠴᠡᠷᠯᠢᠭ᠂ ᠷᠠᠰᠢᠶᠠᠨ ᠬᠤᠲᠠ ᠶᠢᠨ ᠣᠶ ᠰᠢᠭᠤᠶ ᠶᠢᠨ ᠴᠠᠰᠤᠲᠤ ᠲᠠᠯ᠎ᠠ᠂ ᠷᠠᠰᠢᠶᠠᠨ ᠬᠤᠲᠠ ᠶᠢᠨ ᠬᠠᠯᠠᠭᠤᠨ ᠷᠠᠰᠢᠶᠠᠨ ᠤ ᠡᠷᠡᠭᠦᠯᠵᠢᠯ ᠤᠨ ᠰᠢᠰᠲ᠋ᠧᠮ᠂ ᠬᠢᠩᠭᠠᠨ ᠠᠶᠢᠮᠠᠭ ᠤᠨ ᠬᠠᠯᠠᠭᠤᠨ ᠷᠠᠰᠢᠶᠠᠨ ᠤ ᠴᠠᠰᠤᠲᠤ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠥᠯᠭᠢᠨ ᠠᠬᠢᠭᠤᠯᠵᠤ᠂ ᠲᠠᠷᠢᠶᠠᠯᠠᠩ᠂ ᠠᠵᠤ  ᠦᠢᠯᠡᠳᠪᠦᠷᠢ᠂ ᠬᠤᠳᠠᠯᠳᠤᠭᠠᠨ ᠤ ᠶᠠᠪᠤᠳᠠᠯ᠂ ᠪᠡᠶ᠎ᠡ ᠰᠤᠪᠢᠯᠠᠯᠲᠠ᠂ ᠪᠡᠶ᠎ᠡ ᠶᠢᠨ ᠲᠠᠮᠢᠷ ᠵᠡᠷᠭᠡ ᠬᠦᠷᠢᠶ᠎ᠡ ᠴᠠᠷᠠᠭ᠎ᠠ ᠯᠤᠭ᠎ᠠ ᠬᠠᠷᠢᠯᠴᠠᠨ ᠠᠭᠤᠰᠤᠯᠴᠠᠵᠤ᠂ ᠰᠢᠨ᠎ᠡ ᠥᠷᠲᠡᠭ ᠢ ᠡᠭᠦᠳᠴᠦ᠂ ᠰᠢᠨ᠎ᠡ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠰᠢᠨ᠎ᠡ ᠠᠭᠤᠯᠤᠭᠳᠠᠬᠤᠨ ᠢ ᠪᠠᠶᠠᠯᠢᠭᠵᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠭᠡᠭᠡᠵᠦ᠂ ᠰᠢᠨ᠎ᠡ ᠨᠠᠭᠠᠳᠬᠤ ᠠᠷᠭ᠎ᠠ ᠶᠢ ᠭᠠᠷᠭᠠᠵᠤ᠂ ᠵᠢᠭᠤᠯᠴᠢᠯᠠᠯ ᠤᠨ  ᠦᠢᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢ ᠠᠵᠤ  ᠦᠢᠯᠡᠰ ᠪᠣᠯᠭᠠᠨ ᠪᠤᠶᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃    ᠡᠭᠦᠨ ᠠᠴᠠ ᠭᠠᠳᠠᠨ᠎ᠠ᠂ ᠬᠢᠩᠭᠠᠨ ᠠᠶᠢᠮᠠᠭ ᠤᠨ ᠬᠤᠪᠢᠰᠬᠠᠯ ᠤᠨ ᠰᠣᠶᠣᠯ᠂ ᠤᠯᠠᠮᠵᠢᠯᠠᠯᠲᠤ ᠰᠣᠶᠣᠯ᠂ ᠭᠠᠵᠠᠷ ᠣᠷᠣᠨ ᠤ ᠰᠣᠶᠣᠯ ᠵᠡᠷᠭᠡ ᠤᠨᠴᠠᠯᠢᠭᠳᠤ ᠡᠬᠢ ᠪᠠᠶᠠᠯᠢᠭ ᠢ ᠭᠦᠢᠴᠡᠳ ᠠᠭᠤᠳᠠᠯᠵᠤ᠂ ᠪᠦᠬᠦ ᠠᠵᠤ ᠦᠢᠯᠡᠰ ᠤᠨ ᠬᠡᠯᠬᠢᠶ᠎ᠡ᠂ ᠪᠦᠬᠦ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠯ᠎ᠠ ᠨᠤᠲᠤᠭ ᠤᠨ ᠭᠤᠣᠯ ᠤᠨ ᠬᠥᠨᠳᠡᠶ ᠶᠢᠨ ᠵᠢᠭᠤᠯᠴᠢᠯᠠᠯ ᠠᠮᠠᠷᠠᠯᠲᠠ ᠶᠢᠨ ᠪᠠᠭᠤᠳᠠᠯ ᠪᠠᠶᠢᠭᠤᠯᠵᠤ᠂ ᠷᠠᠰᠢᠶᠠᠨ ᠬᠤᠲᠠ ᠶᠢᠨ ᠱᠧᠩ ᠴᠢᠤᠸᠠᠨ ᠰᠢᠤᠸᠠᠢ ᠵᠢᠶ᠂ ᠵᠠᠯᠠᠶᠢᠳ ᠬᠤᠰᠢᠭᠤᠨ ᠤ ᠪᠠᠶᠠᠨᠲᠠᠯ᠎ᠠ · ᠮᠢ ᠵᠢᠩ ᠭᠤᠤᠯ ᠤᠨ ᠬᠥᠨᠳᠡᠶ ᠶᠢᠨ ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ ᠣᠷᠣᠨ᠂  ᠲᠦᠴᠢᠦᠸᠠᠨ ᠰᠢᠶᠠᠨ ᠤ ᠠᠷᠠᠳ ᠤᠨ ᠵᠠᠩ  ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠲᠠᠶᠢᠴᠢᠨᠳᠠᠯ᠎ᠠ  ᠰᠤᠶᠤᠯ ᠵᠢᠭᠤᠯᠴᠢᠯᠠᠯ ᠤᠨ ᠵᠢᠵᠢᠭ ᠪᠠᠯᠭᠠᠰᠤ᠂ ᠤᠯᠠᠭᠠᠨᠬᠤᠲᠠ ᠶᠢᠨ  ᠬᠤᠪᠢᠰᠬᠠᠯᠳᠤ ᠠᠳᠤᠭᠤᠨ ᠪᠠᠯᠭᠠᠰᠤ ᠵᠡᠷᠭᠡ ᠲᠤᠬᠠᠶ ᠶᠢᠨ ᠭᠠᠵᠠᠷ ᠤᠨ ᠪᠠᠶᠢᠭᠠᠯᠢ ᠶᠢᠨ ᠠᠮᠢ ᠠᠬᠤᠶ ᠲᠠᠢ ᠠᠭᠤᠰᠤᠯᠴᠠᠭᠰᠠᠨ᠂ ᠬᠠᠮᠲᠤ ᠣᠷᠣᠰᠢᠬᠤ ᠥᠪᠡᠷᠮᠢᠴᠡ ᠣᠨᠴᠠᠯᠢᠭ ᠲᠠᠢ ᠲᠥᠷᠥᠯ  ᠵᠦᠢᠯ ᠳᠤ ᠰᠢᠨ᠎ᠡ ᠮᠠᠶ᠋ᠢᠭ ᠤᠨ ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠬᠠᠷᠠᠯᠲᠠᠲᠤ ᠰᠢᠰᠲ᠋ᠧᠮ ᠢ  ᠪᠠᠶᠢᠭᠤᠯᠪᠠ᠃    ᠡᠯᠪᠡᠭ ᠪᠠᠶᠠᠯᠢᠭ ᠴᠢᠨᠠᠷ ᠰᠠᠶᠢᠲᠠᠢ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ ᠨᠢ ᠵᠤᠭᠠᠴᠠᠭᠰᠠᠳ ᠢ ᠪᠠᠶᠠᠷ ᠤᠨ ᠡᠷᠴᠢᠨ ᠳᠡᠭᠡᠷ᠎ᠡ ᠪᠠᠨ ᠬᠦᠷᠦᠯᠴᠡᠨ ᠢᠷᠡᠬᠦ᠂ ᠰᠡᠳᠬᠢᠯ ᠬᠠᠨᠤᠮᠵᠢᠲᠠᠢ ᠪᠠᠷ ᠪᠤᠴᠠᠵᠤ ᠢᠷᠡᠬᠦ᠂ ᠳᠤᠷᠠᠲᠠᠶ᠎ᠠ ᠲᠠᠬᠢᠨ ᠢᠷᠡᠬᠦ ᠶᠢ ᠪᠡᠶᠡᠯᠡᠭᠦᠯᠵᠡᠢ᠃ 2023 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠰᠣᠶᠣᠯ  ᠵᠤᠭᠠᠴᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠠᠶᠢᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠬᠥᠮᠦᠰ ᠤᠨ ᠬᠦᠷᠢᠶᠡᠯᠡᠯ ᠢ ᠣᠯᠵᠤ᠂ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠤ ᠵᠤᠭᠠᠴᠠᠭᠰᠠᠳ ᠤᠨ ᠲᠤᠭ᠎ᠠ ᠴᠢᠨᠠᠭᠰᠢᠳᠠ ᠨᠡᠮᠡᠭᠳᠡᠵᠡᠢ᠃ ᠪᠦᠷᠢᠳᠬᠡᠯ ᠢ ᠦᠨᠳᠦᠰᠦᠯᠡᠪᠡᠯ᠂ ᠬᠢᠩᠭᠠᠨ ᠠᠶᠢᠮᠠᠭ ᠤᠨ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 80.58 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.37 ᠲᠠᠬᠢᠨ ᠳᠠᠪᠠᠵᠠᠢ︔ ᠵᠤᠭᠠᠴᠠᠯ ᠤᠨ ᠣᠷᠣᠯᠭ᠎ᠠ ᠶᠢ 7.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.18 ᠳᠠᠬᠢᠨ ᠪᠣᠯᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号