ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠳᠥᠷᠪᠡᠳᠦᠭᠡᠷ ᠤᠳᠠᠭ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/16
  10 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠳᠥᠷᠪᠡᠳᠦᠭᠡᠷ ᠤᠳᠠᠭ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠭᠤᠤᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ ᠶᠢᠨ ᠬᠠᠮᠤᠭ ᠤᠨ ᠰᠢᠨ᠎ᠡ ᠱᠠᠭᠠᠷᠳᠠᠯᠭ᠎ᠠ ᠪᠠ ᠲᠥᠪ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠦᠶ᠎ᠡ ᠶᠢᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠠᠶᠢᠮᠠᠭ ᠤᠨ ᠤᠳᠤᠷᠢᠳᠤᠯᠭ᠎ᠠ ᠰᠦᠬᠡ᠂ ᠰᠢᠤᠢ  ᠵᠦᠸᠧ᠂ ᠯᠢᠦ ᠱᠦ ᠴᠧᠩ ᠨᠡᠷ ᠣᠷᠣᠯᠴᠠᠵᠠᠶ᠃    ᠵᠠᠩ ᠰᠢᠶᠤᠤ ᠪᠢᠩ᠂ ᠪᠦᠬᠦ ᠨᠠᠮ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠰᠦᠪᠯᠡᠨ ᠪᠠᠶᠢᠷᠢᠯᠠᠭᠤᠯᠤᠭᠰᠠᠨ ᠶᠤᠮ᠂ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠢᠩᠭᠠᠨ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠶᠡᠷᠦᠩᠬᠡᠢ ᠱᠦᠵᠢ  ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠬᠠᠮᠤᠭ ᠤᠨ ᠰᠢᠨ᠎ᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ   ᠬᠤᠷᠢᠶ᠎ᠠ  ᠶᠢᠨ ᠰᠦᠨ ᠱᠤᠤ ᠴᠧᠩ ᠱᠦᠵᠢ ᠪᠣᠯᠤᠨ ᠲᠥᠪ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠦᠬᠦ ᠠᠶᠢᠮᠠᠭ ᠤᠨ ᠭᠤᠣᠯ ᠰᠡᠳᠦᠪᠲᠦ ᠬᠥᠮᠦᠵᠢᠯ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠠᠩ ᠰᠢᠶᠤᠤ ᠪᠢᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ ᠳᠤᠭᠤᠶᠢᠯᠠᠩ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢ ᠴᠢᠩᠭ᠎ᠠ ᠠᠳᠬᠤᠬᠤ ᠬᠡᠷᠡᠭᠲᠡᠢ ᠮᠥᠷᠲᠡᠭᠡᠨ ᠵᠣᠩᠬᠢᠯᠠᠬᠤ ᠤᠯᠠᠨ ᠲᠣᠭᠠᠲᠠᠨ ᠢ ᠴᠤ ᠪᠣᠳᠠᠲᠠᠢ ᠠᠳᠬᠤᠬᠤ ᠬᠡᠷᠡᠭᠲᠡᠢ᠃ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠤᠯᠵᠤ᠂ ᠤᠨᠤᠯ ᠤᠨ ᠰᠤᠷᠤᠯᠴᠠᠯᠭ᠎ᠠ ᠶᠢ ᠦᠨᠡᠨ ᠬᠦ ᠰᠤᠷᠤᠯᠴᠠᠵᠤ ᠦᠨᠡᠨ ᠬᠦ ᠬᠡᠷᠡᠭᠯᠡᠵᠦ᠂ ᠪᠠᠶᠢᠴᠠᠭᠠᠨ ᠰᠤᠳᠤᠯᠤᠯᠲᠠ ᠬᠢᠬᠦ ᠳᠤ ᠠᠰᠠᠭᠤᠳᠠᠯ ᠢ  ᠰᠢᠢᠳᠪᠦᠷᠢᠯᠡᠵᠦ᠂ ᠬᠥᠭᠵᠢᠯᠲᠡ ᠶᠢ ᠲᠦᠯᠬᠢᠨ ᠠᠬᠢᠭᠤᠯᠬᠤ ᠳᠤ ᠪᠣᠳᠠᠲᠤ ᠦᠷ᠎ᠡ ᠪᠦᠲᠦᠮᠵᠢ ᠶᠢ ᠲᠤᠪᠤᠶᠢᠯᠭᠠᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠦᠨᠡᠨ ᠬᠦ ᠪᠠᠶᠢᠴᠠᠭᠠᠨ ᠪᠣᠳᠠᠲᠠᠶ ᠪᠠᠷ ᠥᠭᠡᠷᠡᠴᠢᠯᠡᠵᠦ᠂ ᠲᠦᠷᠢᠮ ᠲᠣᠭᠲᠠᠭᠠᠯ ᠲᠣᠭᠲᠠᠭᠠᠬᠤ ᠳᠤ ᠤᠷᠳᠤ ᠬᠤᠭᠤᠴᠠᠭᠠᠨ ᠤ ᠪᠦᠲᠦᠮᠵᠢᠲᠡᠶ ᠪᠥᠭᠡᠳ ᠲᠤᠰᠠᠲᠠᠶ ᠪᠠᠶᠢᠬᠤ ᠬᠡᠷᠡᠭᠲᠡᠶ᠃ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠲᠠᠯ᠎ᠠ ᠪᠠᠷ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠤᠯᠵᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠴᠢᠩᠳᠠᠯᠠᠵᠤ᠂ ᠵᠠᠯᠠᠷᠠᠭᠤᠯᠤᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠰᠡᠳᠦᠪᠲᠦ ᠬᠥᠮᠦᠵᠢᠯ ᠳᠤ ᠣᠷᠣᠯᠴᠠᠬᠤ ᠴᠠᠭ ᠢ ᠲᠦᠷᠦᠯ ᠵᠦᠢᠯ ᠪᠣᠯᠭᠠᠬᠤ ᠂ ᠤᠴᠢᠷ ᠶᠠᠪᠤᠳᠠᠯ ᠢ ᠵᠣᠬᠢᠴᠠᠭᠤᠯᠬᠤ᠂ ᠬᠤᠪᠢ ᠶᠢᠨ ᠶᠠᠪᠤᠳᠠᠯ ᠢ ᠡᠷᠬᠢᠯᠡᠬᠦ ᠲᠣᠬᠢᠶᠠᠯ ᠪᠣᠯᠭᠠᠬᠤ ᠶᠢ ᠡᠷᠡᠰ ᠰᠡᠷᠭᠡᠶᠢᠯᠡᠵᠦ᠂ ᠠᠵᠢᠯ ᠶᠠᠪᠤᠳᠠᠯ ᠢ ᠦᠵᠡᠵᠦ ᠦᠷ᠎ᠡ ᠪᠦᠲᠦᠮᠵᠢ ᠭᠠᠷᠭᠠᠬᠤ ᠲᠠᠯ᠎ᠠ ᠪᠠᠷ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠲᠠᠯ᠎ᠠ ᠶᠢ ᠠᠬᠢᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠠᠮᠠᠭᠠᠯᠠᠬᠤ᠂ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠠᠵᠢᠯ ᠶᠠᠪᠤᠳᠠᠯ ᠢ ᠦᠵᠡᠵᠦ ᠦᠷ᠎ᠡ ᠪᠦᠲᠦᠮᠵᠢ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠰᠢᠨ᠎ᠡ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ᠃ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠦᠴᠦᠨ ᠢᠶᠠᠨ ᠲᠤᠬᠢᠷᠠᠭᠤᠯᠤᠨ ᠰᠢᠯᠢᠳᠡᠭᠵᠢᠭᠦᠯᠵᠦ᠂ ᠲᠦᠷᠦᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ  ᠭᠡᠪᠡ᠃    ᠬᠤᠷᠠᠯ ᠨᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号