ᠵᠠᠩ ᠰᠢᠶᠤᠤ ᠪᠢᠩ ᠷᠠᠰᠢᠶᠠᠨ ᠬᠤᠲᠠ ᠳᠤ ᠭᠤᠤᠯ ᠰᠡᠳᠦᠪᠲᠦ ᠰᠤᠷᠭᠠᠨ ᠬᠥᠮᠦᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/10/16
    10 ᠳ᠋ᠤᠭᠠᠷ ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠷᠠᠰᠢᠶᠠᠨ ᠬᠤᠲᠠ ᠶᠢᠨ  ᠸᠧᠨ ᠴᠢᠤᠸᠠᠨ ᠵᠡᠭᠡᠯᠢ᠂ ᠯᠢᠨ ᠬᠠᠶ ᠵᠡᠭᠡᠯᠢ᠂ ᠢᠷᠪᠢᠰ ᠵᠡᠭᠡᠯᠢ ᠳᠤ ᠬᠦᠷᠴᠦ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠰᠤᠷᠤᠯᠴᠠᠬᠤ ᠦᠵᠡᠯ ᠰᠠᠨᠠᠭ᠎ᠠ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠲᠣᠭᠲᠠᠭᠠᠭᠰᠠᠨ ᠨᠣᠮ ᠤᠨ ᠭᠠᠷᠴᠠᠭ ᠢᠯᠠᠩᠭᠤᠶ᠎ᠠ 2014 ᠣᠨ   ᠳᠤ ᠶᠡᠷᠦᠩᠬᠡᠢ ᠱᠦᠵᠢ ᠰᠢ ᠶᠢᠨ ᠫᠢᠩ  ᠤᠨ ᠷᠠᠰᠢᠶᠠᠨ ᠬᠤᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠰᠤᠷᠤᠯᠴᠠᠬᠤ ᠠᠴᠢᠶᠠᠯᠠᠪᠤᠷᠢ ᠶᠢ ᠪᠠᠶᠠᠯᠢᠭᠵᠢᠭᠤᠯᠵᠤ᠂ ᠰᠤᠷᠤᠯᠴᠠᠬᠤ ᠬᠡᠯᠪᠡᠷᠢ ᠶᠢ ᠰᠢᠨᠡᠴᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠲᠡᠷᠡ ᠬᠡᠪ ᠢᠶᠠᠷ ᠨᠢ ᠰᠤᠷᠤᠯᠴᠠᠭᠤᠯᠵᠤ᠂ ᠬᠡᠰᠡᠭ ᠪᠤᠰᠠᠭ ᠢᠶᠠᠷ ᠨᠢ ᠤᠬᠠᠭᠠᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠲᠤᠰᠬᠠᠭᠰᠠᠨ ᠵᠠᠮ ᠬᠠᠷᠢᠯᠴᠠᠭ᠎ᠠ᠂ ᠣᠷᠣᠨ ᠰᠠᠭᠤᠴᠠ᠂ ᠣᠷᠴᠢᠨ ᠲᠣᠭᠤᠷᠢᠨ᠂ ᠳᠤᠯᠠᠭᠠᠯᠠᠭ᠎ᠠ ᠵᠡᠷᠭᠡ ᠲᠠᠯ᠎ᠠ ᠶᠢᠨ ᠠᠰᠠᠭᠤᠳᠠᠯ ᠢ ᠠᠩᠬᠠᠷᠴᠤ᠂ ᠨᠠᠷᠢᠨ ᠬᠢᠨᠠᠮᠠᠭᠠᠢ ᠪᠠᠶᠢᠴᠠᠭᠠᠨ ᠦᠵᠡᠬᠦ ᠶᠢᠨ ᠬᠠᠮᠲᠤ ᠦᠨᠡᠨᠬᠦ ᠴᠡᠭᠴᠡᠯᠡᠨ ᠰᠠᠶᠢᠵᠢᠷᠠᠭᠤᠯᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠠᠷᠠᠳ ᠲᠤ ᠠᠰᠢᠭ ᠬᠦᠷᠲᠡᠭᠡᠬᠦ ᠪᠣᠳᠠᠲᠠᠢ ᠶᠠᠪᠤᠳᠠᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠶᠢ ᠵᠠᠪᠠᠯ ᠰᠤᠷᠬᠤ ᠬᠢᠴᠢᠶᠡᠯ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠢᠯᠠᠩᠭᠤᠶ᠎ᠠ ᠵᠤᠭᠠᠴᠠᠯ ᠤᠨ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠤᠳᠤᠯᠭ᠎ᠠ ᠪᠠᠨ ᠴᠢᠩᠭᠠᠳᠬᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠪᠠᠶᠠᠯᠢᠭᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠵᠠᠬ᠎ᠠ ᠳᠡᠯᠭᠡᠭᠦᠷ ᠤᠨ ᠠᠵᠢᠯᠯᠠᠭᠠᠨ ᠢ ᠴᠢᠩᠭᠠᠳᠬᠠᠵᠤ᠂ ᠲᠠᠨᠢᠯᠴᠠᠭᠤᠯᠬᠤ ᠪᠠ ᠡᠵᠡᠩᠨᠡᠨ ᠪᠣᠷᠣᠯᠠᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠵᠤᠭᠠᠴᠠᠯ ᠤᠨ ᠦᠢᠯᠡᠰ ᠢ ᠨᠡᠩ ᠬᠥᠭᠵᠢᠶᠡᠨᠲᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ  ᠵᠦᠢᠯ ᠤᠨ  ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠠᠬᠢᠭᠤᠯᠬᠤ ᠲᠠᠢ ᠤᠶᠠᠯᠳᠤᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠬᠦ ᠬᠡᠷᠡᠭᠲᠡᠶ  ᠭᠡᠪᠡ᠃    ᠪᠠᠶᠢᠴᠠᠭᠠᠨ ᠰᠤᠳᠤᠯᠬᠤ ᠶᠠᠪᠤᠴᠠ ᠳᠤ᠂ ᠵᠠᠩ ᠰᠢᠶᠤᠤ ᠪᠢᠩ ᠲᠤᠬᠠᠢ ᠶᠢᠨ ᠲᠠᠯᠠᠪᠠᠢ ᠳᠤ ᠠᠵᠢᠯᠯᠠᠵᠤ᠂ ᠲᠤᠬᠠᠢ ᠶᠢᠨ ᠭᠠᠵᠠᠷ ᠤᠨ ᠺᠠᠳ᠋ᠷᠴᠤᠳ ᠲᠠᠢ ᠬᠠᠮᠲᠤ ᠢᠷᠱᠢ ᠣᠷᠣᠨ ᠤ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠵᠡᠷᠭᠡ ᠲᠠᠯ᠎ᠠ ᠶᠢᠨ ᠠᠰᠠᠭᠤᠳᠠᠯ ᠢ ᠰᠤᠳᠤᠯᠵᠤ᠂ ᠠᠶᠢᠮᠠᠭ ᠬᠤᠳᠠ ᠶᠢᠨ ᠬᠤᠶᠠᠷ ᠱᠠᠳᠤ ᠪᠣᠯᠤᠨ ᠰᠠᠭᠤᠭ᠎ᠠ ᠭᠠᠵᠠᠷ ᠤᠨ ᠠᠵᠤ ᠠᠬᠤᠶᠢᠯᠠᠯ ᠬᠠᠮᠵᠢᠯᠴᠠᠨ ᠬᠥᠳᠡᠯᠦᠯᠴᠡᠵᠦ᠂ ᠱᠠᠯᠠᠪᠳᠠᠨ ᠠᠬᠢᠭᠤᠯᠵᠤ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃    ᠰᠦᠨ ᠰᠢᠩ ᠢᠦᠢ᠂ ᠴᠧᠨ ᠵᠢᠩ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号