| — ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠤᠷᠢᠨ ᠮᠡᠷᠭᠡᠵᠢᠯ ᠤᠨ ᠰᠠᠯᠪᠤᠷᠢ ᠶᠢᠨ | ᠲᠤᠬᠠᠢ ᠰᠤᠷᠪᠤᠯᠵᠢᠯᠠᠭ᠎ᠠ | ● ᠰᠤᠷᠪᠤᠯᠵᠢᠯᠠᠭᠴᠢ ᠴᠧᠨ ᠮᠧᠢ ᠷᠦᠩ ᠶᠢᠨ ᠮᠢᠶᠤᠤ | | ᠠᠳᠤᠭᠤᠨ ᠦᠢᠯᠡᠰ ᠤᠨ ᠬᠥᠭᠵᠢᠯᠲᠡ ᠶᠢ ᠠᠵᠢᠭᠯᠠᠪᠠᠯ᠂ ᠤᠯᠠᠮᠵᠢᠯᠠᠯᠲᠤ ᠠᠳᠤᠭᠤᠨ ᠦᠢᠯᠡᠰ | ᠥᠷᠢᠰᠥᠯᠳᠦᠭᠡᠨ ᠳᠤ ᠲᠤᠯᠭᠠᠷᠠᠵᠤ ᠪᠤᠢ᠃ ᠣᠷᠣᠨ ᠪᠦᠰᠡ ᠶᠢᠨ ᠣᠨᠴᠠᠯᠢᠭ ᠲᠤ ᠨᠡᠶᠢᠴᠡᠬᠦ ᠣᠲᠣ ᠦᠶ᠎ᠡ ᠶᠢᠨ | ᠠᠳᠤᠭᠤᠨ ᠦᠢᠯᠡᠰ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠬᠦ ᠨᠢ ᠥᠪᠥᠷ ᠮᠣᠩᠭᠤᠯ ᠤᠨ ᠠᠳᠤᠭᠤᠨ ᠦᠢᠯᠡᠰ | ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢᠨ ᠴᠢᠬᠤᠯᠠ ᠰᠢᠪᠲᠤᠯᠤᠯᠲᠠ ᠪᠤᠯᠤᠭᠠᠳ ᠪᠠᠶᠢᠨ᠎ᠠ᠃ | ᠡᠶᠢᠮᠦᠷᠬᠦ ᠨᠡᠶᠢᠭᠡᠮ ᠤᠨ ᠱᠠᠭᠠᠷᠳᠠᠯᠭ᠎ᠠ ᠳᠤ ᠵᠤᠬᠢᠴᠠᠭᠤᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | 2015 ᠤᠨ ᠳᠤ ᠮᠤᠷᠢᠨ ᠮᠡᠷᠭᠡᠵᠢᠯ ᠤᠨ ᠰᠠᠯᠪᠤᠷᠢ ᠶᠢ ᠪᠠᠶᠢᠭᠤᠯᠪᠠ᠃ | ᠮᠡᠷᠭᠡᠵᠢᠯ ᠡᠵᠡᠮᠰᠢᠬᠦᠯᠬᠦ ᠪᠠᠷ ᠵᠤᠷᠢᠯᠭ᠎ᠠ ᠪᠤᠯᠭᠠᠨ ᠮᠤᠷᠢᠨ ᠰᠤᠶᠤᠯ ᠤᠨ ᠰᠠᠭᠤᠷᠢᠨ ᠢ ᠲᠠᠯᠪᠢᠨ᠎ᠠ᠃ ᠴᠢᠳᠠᠪᠤᠷᠢᠲᠠᠨ | ᠪᠣᠯ ᠠᠵᠤ ᠦᠢᠯᠡᠰ ᠤᠨ ᠬᠥᠭᠵᠢᠯᠲᠡ ᠶᠢ ᠪᠠᠲᠤᠯᠠᠬᠤ ᠶᠢᠨ ᠴᠢᠬᠤᠯᠠ ᠬᠦᠴᠦᠨ ᠵᠦᠢᠯ ᠮᠥᠨ᠃ ᠠᠳᠤᠭᠤᠨ | ᠦᠢᠯᠡᠰ ᠤᠨ ᠣᠲᠣ ᠶᠢᠨ ᠪᠠᠶᠢᠳᠠᠯ ᠠᠴᠠ ᠦᠵᠡᠪᠡᠯ᠂ ᠰᠤᠷᠤᠯᠭ᠎ᠠ ᠶᠢᠨ ᠨᠠᠮᠲᠠᠷ ᠳᠣᠤᠷ᠎ᠠ᠂ ᠠᠵᠢᠯ ᠤᠨ ᠬᠤᠪᠢᠶᠠᠷᠢᠯᠠᠯ | ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠢ ᠠᠯᠭᠤᠷᠯᠠᠭᠤᠯᠵᠤ ᠪᠣᠯᠤᠰᠢ ᠦᠭᠡᠢ᠃ ᠪᠦᠬᠦ ᠤᠯᠤᠰ ᠲᠤ ᠮᠤᠷᠢᠨ ᠮᠡᠷᠭᠡᠵᠢᠯ ᠤᠨ ᠲᠤᠰᠬᠠᠶ ᠮᠡᠷᠭᠡᠵᠢᠯ ᠢ | ᠬᠥᠮᠦᠵᠢᠭᠦᠯᠬᠦ ᠭᠠᠵᠠᠷ ᠨᠡᠯᠢᠶᠡᠳ ᠴᠥᠭᠡᠨ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ | ᠦᠨᠡᠮᠯᠡᠯ ᠲᠠᠢ ᠮᠤᠷᠢᠨ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠭᠠᠵᠠᠷ ᠵᠦᠪᠭᠡᠨ ᠥᠪᠥᠷ ᠮᠣᠩᠭᠤᠯ | ᠣᠷᠣᠨ ᠳᠤ ᠯᠡ ᠲᠥᠪᠯᠡᠷᠡᠵᠦ ᠪᠤᠢ᠃ | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠤᠷᠢᠨ ᠮᠡᠷᠭᠡᠵᠢᠯ ᠤᠨ ᠰᠠᠯᠪᠤᠷᠢ ᠪᠠᠶᠢᠭᠤᠯᠤᠭᠰᠠᠨ ᠠᠴᠠ | ᠨᠠᠭᠠᠰᠢ᠂ ᠴᠠᠭ ᠦᠶ᠎ᠡ ᠲᠠᠢ ᠴᠤᠭᠭᠠᠷ ᠤᠷᠤᠭᠰᠢᠯᠠᠵᠤ ᠮᠤᠷᠢᠨ ᠮᠡᠷᠭᠡᠵᠢᠯ ᠤᠨ ᠠᠵᠢᠯ ᠲᠦᠷᠦᠯ ᠳᠤ ᠬᠡᠷᠡᠭᠴᠡᠭᠡ ᠲᠠᠢ | ᠴᠢᠳᠠᠪᠤᠷᠢᠲᠠᠨ ᠢ ᠬᠥᠮᠦᠵᠢᠭᠦᠯᠬᠦ ᠪᠠᠷ ᠥᠪᠡᠷ ᠤᠨ ᠵᠤᠷᠢᠯᠭ᠎ᠠ ᠪᠠᠨ ᠪᠣᠯᠭᠠᠨ᠂ ᠡᠯᠪᠡᠭ ᠪᠠᠶᠠᠯᠢᠭ ᠵᠢᠭᠠᠨ ᠰᠤᠳᠤᠯᠬᠤ | ᠠᠵᠢᠯᠯᠠᠭ᠎ᠠ᠂ ᠳᠠᠳᠤᠯᠭ᠎ᠠ ᠪᠣᠯᠪᠠᠰᠤᠷᠠᠯ ᠬᠦᠷᠳᠡᠭᠡᠬᠦ ᠪᠠᠷ ᠳᠠᠮᠵᠢᠭᠤᠯᠵᠤ᠂ ᠰᠤᠷᠤᠭᠴᠢᠳ ᠲᠤ ᠯᠠᠪᠳᠠᠭᠤᠨ ᠪᠠᠲᠤᠲᠠᠢ | ᠤᠨᠤᠯ ᠤᠨ ᠮᠡᠳᠡᠯᠭᠡ ᠪᠠ ᠲᠠᠳᠮᠠᠭᠠᠢ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠡᠵᠡᠮᠰᠢᠭᠦᠯᠵᠤ ᠪᠤᠢ᠃ ᠪᠠᠰᠠ | ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ ᠲᠠᠢ ᠪᠥᠬᠦ ᠲᠠᠯ᠎ᠠ ᠪᠠᠷ ᠬᠠᠮᠲᠤᠷᠠᠯᠴᠠᠬᠤ ᠪᠠᠶᠢᠯᠳᠤᠬᠤ | ᠪᠣᠳᠣᠯᠭ᠎ᠠ ᠶᠢᠨ ᠬᠡᠯᠡᠯᠴᠡᠭᠡᠷ ᠲᠣᠭᠲᠠᠵᠤ᠂ ᠠᠵᠢᠯ ᠲᠥᠷᠥᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠢᠰᠲ᠋ᠧᠮ | ᠢ ᠣᠷᠣᠭᠤᠯᠤᠨ ᠠᠪᠴᠢᠷᠠᠬᠤ᠂ ᠰᠤᠷᠭᠠᠭᠤᠯᠢ ᠪᠠ ᠠᠵᠤ ᠠᠬᠤᠶᠢᠯᠠᠯ ᠬᠤᠷᠰᠢᠭᠰᠠᠨ ᠦᠢᠯᠡᠳᠦᠯᠭᠡ ᠵᠢᠭᠠᠨ | ᠰᠤᠷᠭᠠᠯᠲᠠ ᠶᠢ ᠠᠭᠤᠰᠤᠯᠴᠠᠭᠤᠯᠬᠤ ᠳᠠᠳᠤᠯᠭ᠎ᠠ ᠶᠢᠨ ᠠᠷᠭ᠎ᠠ ᠵᠠᠮ ᠢ ᠥᠷᠭᠡᠳᠬᠡᠵᠤ᠂ ᠰᠤᠷᠤᠭᠴᠢᠳ ᠤᠨ ᠮᠡᠷᠭᠡᠵᠢᠯ | ᠴᠢᠳᠠᠪᠤᠷᠢ ᠪᠠᠨ ᠳᠡᠭᠡᠭᠰᠢᠯᠡᠭᠦᠯᠵᠤ᠂ ᠠᠵᠢᠯ ᠤᠯᠬᠤ ᠳᠤ ᠰᠠᠭᠤᠷᠢ ᠲᠠᠯᠪᠢᠵᠠᠢ᠃ ᠬᠢᠴᠢᠶᠡᠯ ᠤᠨ ᠰᠢᠰᠲ᠋ᠧᠮ ᠢ | ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠲᠠᠢ ᠵᠣᠬᠢᠴᠠᠯᠳᠤᠬᠤ ᠬᠢᠴᠢᠶᠡᠯ ᠢ | ᠲᠣᠭᠲᠠᠭᠠᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠲᠠᠢ ᠨᠢᠭᠲᠠ ᠤᠶᠠᠯᠳᠤᠭᠰᠠᠨ ᠰᠢᠨ᠎ᠡ ᠪᠠᠶᠢᠷᠢᠰᠢᠯ ᠢ ᠪᠣᠶ | ᠪᠣᠯᠭᠠᠵᠤ᠂ 2019 ᠣᠨ ᠳᠤ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠠᠭᠤᠰᠤᠯᠴᠠᠯ ᠢ ᠠᠬᠢᠭᠤᠯᠵᠤ᠂ 2020 ᠣᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠠᠢ | ᠵᠣᠯᠭᠠᠯᠳᠤᠭᠤᠯᠬᠤ ᠠᠵᠢᠯ ᠢ ᠪᠡᠶᠡᠯᠡᠭᠦᠯᠤᠭᠡᠳ ᠨᠡᠯᠢᠶᠡᠳ ᠰᠢᠰᠲ᠋ᠧᠮ ᠲᠠᠢ ᠣᠲᠣ ᠦᠶ᠎ᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠰᠢᠰᠲ᠋ᠧᠮ ᠢ ᠪᠣᠶ ᠪᠣᠯᠭᠠᠪᠠ᠃ ᠲᠤᠰ ᠮᠤᠷᠢᠨ ᠮᠡᠷᠭᠡᠵᠢᠯ ᠤᠨ ᠰᠠᠯᠪᠤᠷᠢ 8 ᠵᠢᠯ ᠤᠨ | ᠰᠤᠷᠭᠠᠨ ᠬᠥᠮᠦᠵᠢᠯ ᠤᠨ ᠲᠤᠷᠰᠢᠯᠭ᠎ᠠ ᠲᠠᠢ ᠪᠤᠯᠵᠤ᠂ ᠨᠡᠶᠢᠭᠡᠮ ᠨᠡᠶᠢᠳᠡ ᠳᠤ 200 ᠭᠠᠷᠤᠢ ᠮᠤᠷᠢᠨ ᠮᠡᠷᠭᠡᠵᠢᠯ ᠤᠨ | ᠴᠢᠳᠠᠪᠤᠷᠢᠲᠠᠨ ᠢ ᠬᠦᠮᠦᠵᠢᠭᠦᠯᠵᠦ᠂ ᠠᠵᠢᠯ ᠲᠦᠷᠦᠯ ᠤᠨ ᠬᠢᠨ ᠳᠤ ᠮᠡᠳᠡᠷᠡᠭᠳᠡᠭᠰᠡᠨ ᠶᠡᠭᠡ ᠳᠡᠭᠡᠳᠦ ᠰᠤᠷᠭᠠᠭᠤᠯᠢ ᠶᠢᠨ | ᠮᠤᠷᠢᠨ ᠮᠡᠷᠭᠡᠵᠢᠯ ᠤᠨ ᠮᠡᠷᠭᠡᠵᠢᠯ ᠤᠨ ᠮᠠᠶ᠋ᠢᠭ ᠤᠨ ᠴᠢᠳᠠᠪᠤᠷᠢᠲᠠᠨ ᠢ ᠬᠥᠮᠦᠵᠢᠭᠦᠯᠬᠦ ᠥᠯᠥᠭᠡᠢ ᠪᠣᠯᠵᠠᠢ᠃ ᠤᠳᠤᠬᠠᠨ | ᠳᠤ ᠬᠢᠲᠠᠳ᠂ ᠮᠣᠩᠭᠤᠯ᠂ ᠮᠠᠨᠵᠤ᠂ ᠬᠤᠲᠣᠩ᠂ ᠤᠶᠢᠭᠤᠷ᠂ ᠡᠸᠡᠩᠬᠢ᠂ ᠬᠠᠰᠠᠭ᠂ ᠳᠠᠭᠤᠷ ᠵᠡᠷᠭᠡ 8 | ᠦᠨᠳᠦᠰᠦᠲᠡᠨ ᠤ ᠪᠠᠭᠰᠢ ᠰᠤᠷᠤᠭᠴᠢᠳ ᠢᠶᠠᠷ ᠪᠦᠷᠢᠯᠳᠦᠵᠦ᠂ ᠦᠨᠳᠦᠰᠦᠳᠡᠨ ᠨᠦᠭᠦᠳ ᠤᠨ ᠰᠤᠯᠢᠯᠴᠠᠭ᠎ᠠ | ᠶᠠᠪᠤᠯᠴᠠᠭ᠎ᠠ ᠠᠭᠤᠰᠤᠯᠴᠠᠯ ᠢ ᠠᠬᠢᠭᠤᠯᠤᠨ ᠬᠠᠮᠲᠤ ᠪᠠᠷ ᠨᠢᠭᠡ ᠲᠤᠰᠬᠠᠶ ᠮᠡᠷᠭᠡᠵᠢᠯ ᠢ ᠰᠤᠷᠴᠤ ᠰᠤᠳᠤᠯᠤᠨ᠂ | ᠬᠠᠮᠲᠤ ᠶᠢᠨ ᠴᠢᠷᠮᠠᠶᠢᠬᠤ ᠴᠢᠭᠯᠡᠯ ᠲᠠᠢ᠂ ᠬᠠᠮᠲᠤ ᠶᠢᠨ ᠬᠦᠰᠡᠯᠡᠩ ᠪᠠ ᠢᠲᠡᠭᠡᠯ ᠪᠢᠰᠢᠷᠡᠯ ᠲᠠᠢ ᠡᠩᠨᠡᠭᠡ ᠪᠤᠯᠪᠠ᠃ | ᠵᠢᠭᠠᠨ ᠰᠤᠷᠭᠠᠯᠳᠠ ᠶᠢᠨ ᠰᠢᠨ᠎ᠡ ᠶᠢ ᠡᠭᠦᠳᠤᠨ ᠵᠠᠯᠠᠭᠤ ᠤᠶᠤᠳᠠᠳ ᠲᠤ ᠮᠡᠳᠡᠯᠭᠡ ᠬᠦᠷᠳᠡᠭᠡᠨ᠎ᠡ᠃ ᠪᠡᠶ᠎ᠡ ᠪᠠᠨ | ᠲᠠᠭᠠᠭᠠᠵᠤ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠤᠯ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠴᠢᠬᠤᠯᠠ | ᠤᠨᠴᠠᠯᠢᠭ ᠮᠥᠨ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠤᠷᠢᠨ ᠮᠡᠷᠭᠡᠵᠢᠯ ᠤᠨ ᠰᠠᠯᠪᠤᠷᠢ ᠨᠢ | ᠵᠢᠭᠠᠨ ᠰᠤᠷᠭᠠᠯᠳᠠ ᠶᠢᠨ ᠲᠠᠯ᠎ᠠ ᠪᠠᠷ ᠰᠢᠨ᠎ᠡ ᠶᠢ ᠰᠦᠪᠡᠭᠴᠢᠯᠡᠵᠦ ᠰᠢᠯᠢᠳᠡᠭ ᠢ ᠡᠭᠦᠳᠬᠦ ᠪᠠᠷ ᠵᠠᠬ᠎ᠠ ᠳᠡᠯᠭᠡᠭᠦᠷ ᠲᠠᠬᠢ | ᠪᠠᠶᠢᠴᠠᠭᠠᠨ ᠰᠤᠳᠤᠯᠤᠯᠲᠠ ᠶᠢ ᠰᠠᠶᠢᠳᠤᠷ ᠦᠷᠨᠢᠭᠦᠯᠵᠡᠢ᠃ ᠴᠢᠳᠠᠪᠤᠷᠢᠲᠠᠨ ᠢ ᠬᠥᠮᠦᠵᠢᠭᠦᠯᠬᠦ ᠬᠡᠪ ᠪᠠᠷᠢᠮᠵᠢᠶ᠎ᠠ᠂ | ᠲᠤᠰᠬᠠᠶ ᠮᠡᠷᠭᠡᠵᠢᠯ ᠢᠶᠠᠷ ᠰᠤᠷᠭᠠᠬᠤ ᠬᠠᠷᠠᠯᠲᠠ᠂ ᠬᠥᠮᠦᠵᠢᠭᠦᠯᠬᠦ ᠲᠥᠰᠦᠯ ᠢ ᠲᠣᠭᠲᠠᠭᠠᠨ᠂ ᠤᠨᠤᠯ ᠪᠠ ᠦᠢᠯᠡᠳᠦᠯᠭᠡ | ᠶᠢ ᠨᠢᠭᠡ ᠴᠤᠭᠴᠠᠵᠢᠭᠤᠯᠬᠤ᠂ ᠣᠲᠣ ᠦᠶ᠎ᠡ ᠶᠢᠨ ᠳᠠᠳᠤᠯᠭ᠎ᠠ ᠬᠢᠬᠦ ᠲᠦᠷᠢᠮ᠂ ᠨᠡᠶᠢᠲᠡᠯᠢᠭ ᠵᠢᠱᠢᠶ᠎ᠡ ᠶᠢ ᠵᠠᠳᠠᠯᠬᠤ᠂ | ᠠᠬᠤᠶ ᠲᠠᠯᠠᠪᠤᠷ ᠢ ᠳᠠᠭᠤᠷᠢᠶᠠᠬᠤ᠂ ᠳᠤᠭᠤᠶᠢᠯᠠᠩ ᠬᠡᠰᠡᠭ ᠬᠤᠪᠢᠶᠠᠵᠤ ᠵᠢᠭᠠᠨ ᠰᠤᠷᠭᠠᠬᠤ ᠵᠡᠷᠭᠡ 5 ᠵᠦᠢᠯ ᠤᠨ | ᠵᠢᠭᠠᠨ ᠰᠤᠷᠭᠠᠬᠤ ᠵᠠᠭᠪᠤᠷ ᠢ ᠬᠡᠷᠡᠭᠯᠡᠨ᠂ ᠣᠯᠠᠨ ᠨᠡᠶᠢᠲᠡ ᠶᠢᠨ ᠬᠢᠴᠢᠶᠡᠯ ᠪᠠ ᠲᠤᠰᠬᠠᠶ ᠮᠡᠷᠭᠡᠵᠢᠯ ᠤᠨ ᠬᠢᠴᠢᠶᠡᠯ ᠤᠨ | ᠬᠢᠴᠢᠶᠡᠯᠯᠡᠬᠦ ᠴᠠᠭ ᠤᠨ ᠬᠠᠷᠢᠴᠠᠯ ᠢ ᠵᠦᠶ ᠵᠣᠬᠢᠰᠲᠠᠶ ᠲᠤᠬᠢᠷᠠᠭᠤᠯᠤᠨ᠂ ᠬᠢᠴᠢᠶᠡᠯ ᠤᠨ ᠰᠢᠰᠲ᠋ᠧᠮ ᠪᠠ ᠬᠢᠴᠢᠶᠡᠯ ᠤᠨ | ᠪᠠᠷᠢᠮᠵᠢᠶ᠎ᠠ ᠶᠢ ᠲᠣᠭᠲᠠᠭᠠᠵᠤ᠂ ᠲᠤᠰᠬᠠᠶ ᠮᠡᠷᠭᠡᠵᠢᠯ ᠤᠨ ᠬᠢᠴᠢᠶᠡᠯ ᠳᠠᠬᠢ ᠦᠢᠯᠡᠳᠦᠯᠭᠡ ᠶᠢᠨ ᠴᠢᠨᠠᠷᠲᠠᠶ ᠵᠢᠭᠠᠨ | ᠰᠤᠷᠭᠠᠯᠲᠠ ᠶᠢᠨ ᠬᠤᠪᠢ ᠶᠢᠨ ᠵᠢᠩ ᠢ 70% ᠳᠤ ᠬᠦᠷᠭᠡᠪᠡ᠃ ᠰᠤᠷᠤᠭᠴᠢᠳ ᠤᠨ ᠲᠠᠨᠢᠨ ᠮᠡᠳᠡᠬᠦᠶ ᠶᠢᠨ ᠵᠢᠮ᠎ᠡ | ᠶᠣᠰᠣ ᠵᠢᠴᠢ ᠠᠵᠢᠯ ᠮᠡᠷᠭᠡᠵᠢᠯ ᠤᠨ ᠬᠦᠭᠵᠢᠯᠳᠡ ᠶᠢᠨ ᠵᠢᠮ᠎ᠡ ᠶᠣᠰᠣ ᠶᠢ ᠵᠢᠷᠤᠮᠯᠠᠨ᠂ ᠰᠤᠷᠤᠭᠴᠢᠳ ᠤᠨ ᠶᠣᠰᠣ | ᠰᠤᠷᠲᠠᠬᠤᠨ ᠤ ᠬᠡᠪ ᠪᠣᠯᠪᠠᠰᠤᠷᠠᠯ᠂ ᠲᠤᠰᠬᠠᠶ ᠮᠡᠷᠭᠡᠵᠢᠯ ᠤᠨ ᠮᠡᠳᠡᠯᠭᠡ᠂ ᠦᠢᠯᠡᠳᠦᠯᠭᠡ ᠶᠢᠨ ᠮᠡᠷᠭᠡᠵᠢᠯ ᠴᠢᠳᠠᠪᠤᠷᠢ᠂ | ᠠᠵᠢᠯ ᠮᠡᠷᠭᠡᠵᠢᠯ ᠤᠨ ᠣᠪᠣᠷ ᠢ ᠠᠭᠤᠰᠤᠯᠴᠠᠭᠤᠯᠤᠨ ᠬᠥᠮᠦᠵᠢᠭᠦᠯᠬᠦ ᠰᠢᠰᠲ᠋ᠧᠮ ᠢ ᠪᠣᠶ ᠪᠣᠯᠭᠠᠨ ᠰᠤᠷᠤᠭᠴᠢᠳ ᠢ | ᠰᠤᠷᠭᠠᠭᠤᠯᠢ ᠶᠢᠨ ᠳᠣᠲᠣᠭᠠᠳᠤ ᠳᠤ ᠳᠠᠳᠤᠯᠭ᠎ᠠ ᠬᠢᠯᠭᠡᠬᠦ ᠶᠢᠨ ᠲᠠᠭᠠᠤ ᠰᠤᠷᠭᠠᠭᠤᠯᠢ ᠶᠢᠨ ᠭᠠᠳᠠᠨ᠎ᠠ ᠪᠠᠰᠠ ᠳᠠᠳᠤᠯᠭ᠎ᠠ | ᠪᠤᠯᠪᠠᠰᠤᠷᠠᠯ ᠳᠤ ᠤᠷᠤᠯᠴᠠᠭᠤᠯᠵᠤ᠂ ᠠᠵᠢᠯ ᠤᠨ ᠪᠠᠶᠢᠷᠢ ᠶᠢ ᠣᠷᠣᠯᠠᠨ ᠳᠠᠳᠤᠯᠭ᠎ᠠ ᠬᠢᠬᠦ ᠠᠬᠢᠴᠠ ᠶᠢᠨ ᠮᠠᠶ᠋ᠢᠭ ᠤᠨ | ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠢᠰᠲ᠋ᠧᠮ ᠢᠶᠠᠷ ᠳᠠᠮᠵᠢᠭᠤᠯᠤᠨ᠂ ᠳᠡᠭᠡᠳᠦ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠵᠤ ᠪᠠᠶᠢᠨ᠎ᠠ᠃ | ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠠᠭᠤᠯᠤᠭᠳᠠᠬᠤᠨ ᠢ ᠳᠡᠭᠡᠭᠰᠢᠯᠡᠭᠦᠯᠵᠡᠢ᠃ | 2016 — 2023 ᠣᠨ ᠪᠤᠯᠳᠠᠯᠠᠬᠢ 7 ᠵᠢᠯ ᠳᠤ ᠮᠤᠷᠢᠨ ᠮᠡᠷᠭᠡᠵᠢᠯ ᠤᠨ ᠰᠠᠯᠪᠤᠷᠢ ᠶᠢᠨ ᠰᠣᠷᠣᠭᠴᠢ 50 | ᠭᠠᠷᠤᠶ ᠲᠦᠷᠦᠯ ᠤᠨ ᠱᠠᠩᠨᠠᠯ ᠭᠥᠷᠳᠡᠪᠡ᠂ ᠪᠤᠳᠠᠳᠠᠢ ᠲᠤᠷᠠᠳᠪᠠᠯ 2019 ᠣᠨ ᠳᠤ ᠰᠠᠯᠪᠤᠷᠢ ᠶᠢᠨ | ᠲᠥᠯᠥᠭᠡᠯᠡᠭᠴᠢᠳ ᠤᠨ ᠠᠩᠭᠢ ᠪᠥᠬᠦ ᠤᠯᠤᠰ ᠤᠨ ᠤᠶᠤᠲᠠᠳ ᠤᠨ ᠮᠣᠷᠢᠨ ᠲᠠᠯᠠᠪᠠᠶ ᠶᠢᠨ ᠤᠷ᠎ᠠ ᠴᠢᠳᠠᠪᠤᠷᠢ ᠶᠢᠨ | ᠦᠷᠳᠡᠭᠡ ᠤᠷᠤᠯᠳᠤᠭᠠᠨ ︵ᠪᠡᠭᠡᠵᠢᠩ ᠥᠷᠲᠡᠭᠡ︶ ᠳᠤ 7 ᠲᠥᠷᠥᠯ ᠤᠨ ᠱᠠᠩᠨᠠᠯ ᠭᠥᠷᠳᠡᠪᠡ᠂ ᠡᠭᠦᠨ ᠳᠤ ᠮᠤᠷᠢᠨ | ᠮᠡᠷᠭᠡᠵᠢᠯ ᠤᠨ ᠰᠠᠯᠪᠤᠷᠢ ᠶᠢᠨ ᠰᠣᠷᠣᠭᠴᠢ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ︵ᠰᠠᠭᠠᠳ ᠳᠠᠪᠠᠭ᠋ᠤ ᠲᠠᠯᠠᠪᠤᠷ︶ | ᠶᠢᠨ ᠤᠷᠤᠯᠳᠤᠭᠠᠨ ᠳᠤ ᠨᠢᠭᠡᠳᠦᠭᠡᠷ᠂ ᠭᠤᠷᠪᠠᠳᠤᠭᠠᠷ᠂ ᠰᠢᠯᠢᠳᠡᠭ ᠳᠡᠰ ᠤᠨ ᠱᠠᠩᠨᠠᠯ ᠬᠦᠷᠳᠡᠵᠦ᠂ ᠵᠠᠯᠠᠭᠤ ᠨᠠᠰᠤᠨ | ᠤ ᠴᠤᠭ ᠵᠢᠪᠬᠤᠭ᠎ᠠ ᠪᠠ ᠤᠷ᠎ᠠ ᠴᠢᠳᠠᠪᠤᠷᠢ ᠪᠠᠨ ᠤᠯᠠᠨ᠎ᠠ ᠭᠠᠶᠢᠬᠠᠭᠤᠯᠪᠠ᠃ 2020 ᠣᠨ ᠳᠤ ᠳᠡᠭᠡᠳᠦ | ᠰᠤᠷᠭᠠᠭᠤᠯᠢ ᠶᠢᠨ ᠤᠶᠤᠲᠠᠳ ᠤᠨ ︽ᠢᠨᠲ᠋ᠧᠷ ᠰᠦᠯᠵᠢᠶ᠎ᠡ +︾ ᠰᠢᠨ᠎ᠡ ᠶᠢ ᠡᠭᠦᠳᠴᠤ ᠦᠢᠯᠡᠰ ᠪᠤᠰᠬᠠᠬᠤ | ᠤᠷᠤᠯᠳᠤᠭᠠᠨ ᠳᠤ ᠭᠤᠷᠪᠠᠳᠤᠭᠠᠷ ᠲᠤ ᠳᠤᠳᠤᠷᠠᠭᠰᠠᠨ ᠰᠠᠶᠢᠨ ᠬᠢᠷᠢ ᠪᠦᠳᠦᠮᠵᠢ ᠤᠯᠪᠠ᠃ | ᠰᠤᠷᠤᠭᠴᠢᠳ ᠤᠨ ᠮᠡᠷᠭᠡᠵᠢᠯ ᠴᠢᠳᠠᠪᠤᠷᠢ ᠶᠢᠨ ᠰᠢᠯᠭᠠᠯᠲᠠ ᠶᠢᠨ ᠦᠨᠡᠮᠯᠡᠯ ᠤᠯᠬᠤ ᠳᠤ ᠪᠦᠲᠦᠮᠵᠢᠲᠡᠶ ᠲᠠᠪᠴᠠᠩ | ᠬᠠᠩᠭᠠᠪᠠ᠃ ᠮᠤᠷᠢᠨ ᠮᠡᠷᠭᠡᠵᠢᠯ ᠤᠨ ᠰᠠᠯᠪᠤᠷᠢ 2021 ᠣᠨ ᠳᠤ ᠪᠣᠯᠪᠠᠰᠤᠷᠠᠯ ᠤᠨ ᠰᠠᠯᠠᠭ᠎ᠠ ᠲᠠᠰᠤᠭ ᠢ ᠪᠠᠶᠢᠭᠤᠯᠵᠤ | ᠂ ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ᠂ ᠪᠡᠭᠡᠵᠢᠩ ᠳᠠᠬᠢ ᠲᠢᠶᠠᠨ ᠰᠢᠩ ᠳ᠋ᠢᠶᠤᠤ ᠯᠢᠶᠠᠩ | ᠤᠯᠠᠨ ᠤᠯᠤᠰ ᠤᠨ ᠮᠤᠷᠢᠨ ᠮᠡᠷᠭᠡᠵᠢᠯ ᠤᠨ ᠺᠯᠦ᠋ᠪ ᠲᠠᠢ ᠬᠠᠮᠲᠤᠷᠠᠨ ᠮᠤᠷᠢᠨ ᠮᠡᠷᠭᠡᠵᠢᠯ ᠤᠨ ᠰᠤᠷᠭᠠᠭᠴᠢ ᠶᠢᠨ | ᠦᠨᠡᠮᠯᠡᠯ ᠤᠨ ᠲᠤᠰᠬᠠᠢ ᠪᠣᠯᠪᠠᠰᠤᠷᠠᠯ ᠤᠨ ᠠᠩᠭᠢ ᠶᠢ ᠨᠡᠭᠡᠭᠡᠵᠦ᠂ ᠤᠷᠢᠳ ᠬᠤᠵᠢᠳ 50 ᠰᠤᠷᠤᠭᠴᠢ ᠳᠤ ᠤᠷ᠎ᠠ | ᠮᠡᠷᠭᠡᠵᠢᠯ ᠤᠨ ᠦᠨᠡᠮᠯᠡᠯ ᠤᠯᠭᠤᠵᠤ᠂ ᠬᠢᠷᠢ ᠳᠡᠩᠴᠡᠭᠰᠡᠨ ᠨᠤᠷᠮ᠎ᠠ ᠨᠢ 95% ᠳᠤ ᠬᠦᠷᠴᠡᠢ᠃ ᠲᠤᠰ | ᠠᠵᠢᠯᠯᠠᠭ᠎ᠠ ᠨᠢ ᠪᠦᠬᠦ ᠤᠯᠤᠰ ᠤᠨ ᠠᠩᠬᠠᠳᠠᠭᠴᠢ ᠶᠡᠭᠡ ᠳᠡᠭᠡᠳᠦ ᠰᠤᠷᠭᠠᠭᠤᠯᠢ ᠶᠢᠨ ᠮᠤᠷᠢᠨ ᠮᠡᠷᠭᠡᠵᠢᠯ ᠤᠨ | ᠰᠤᠷᠭᠠᠭᠴᠢ ᠶᠢᠨ ᠦᠨᠡᠮᠯᠡᠯ ᠤᠨ ᠪᠣᠯᠪᠠᠰᠤᠷᠠᠯ ᠤᠨ ᠠᠩᠬᠠᠨ ᠤ ᠵᠠᠮ ᠢ ᠨᠡᠭᠡᠭᠡᠵᠦ᠂ ᠦᠪᠦᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠨᠡᠶᠢᠲᠡᠯᠢᠭ ᠵᠢᠱᠢᠶ᠎ᠡ ᠪᠠᠷ ᠮᠡᠳᠡᠷᠡᠭᠳᠡᠨ | ᠤᠬᠠᠭᠤᠯᠤᠭᠳᠠᠵᠠᠢ᠃ ᠪᠠᠰᠠ ᠰᠤᠷᠭᠠᠭᠤᠯᠢ ᠶᠢᠨ ᠳᠣᠲᠣᠷ᠎ᠠ ᠪᠠᠨ ︽ᠮᠣᠷᠢᠨ ᠰᠣᠶᠣᠯ ᠢ ᠤᠯᠠᠮᠵᠢᠯᠠᠬᠤ︾᠂ ︽ᠮᠣᠷᠢᠨ | ᠲᠠᠯᠠᠪᠠᠶ ᠶᠢᠨ ᠮᠣᠷᠢᠨ ᠮᠡᠷᠭᠡᠵᠢᠯ︾ ᠭᠡᠬᠦ 2 ᠲᠥᠷᠥᠯ ᠤᠨ ᠰᠣᠩᠭᠤᠨ ᠰᠤᠷᠬᠤ ᠬᠢᠴᠢᠶᠡᠯ ᠨᠡᠭᠡᠭᠡᠵᠦ᠂ ᠪᠥᠬᠦ | ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠠᠮᠢᠳᠤᠷᠠᠯ ᠢ ᠪᠠᠶᠠᠯᠢᠭᠵᠢᠭᠤᠯᠤᠨ ᠰᠣᠶᠣᠯ ᠤᠨ ᠬᠡᠪ ᠪᠣᠯᠪᠠᠰᠤᠷᠠᠯ ᠢ | ᠨᠢ ᠳᠡᠭᠡᠭᠰᠢᠯᠡᠭᠦᠯᠪᠠ᠃ | ᠡᠯᠪᠡᠭ ᠪᠠᠶᠠᠯᠢᠭ ᠠᠭᠤᠯᠭ᠎ᠠ ᠲᠠᠢ ᠵᠢᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠵᠡᠢ᠃ 2020 — 2023 | ᠣᠨ ᠤ ᠬᠤᠭᠤᠷᠣᠨᠳᠣ ᠮᠤᠷᠢᠨ ᠮᠡᠷᠭᠡᠵᠢᠯ ᠤᠨ ᠰᠠᠯᠪᠤᠷᠢ ᠶᠢᠨ ᠬᠢᠨ ᠰᠤᠷᠤᠭᠴᠢᠳ ᠤᠨ ᠰᠤᠷᠤᠯᠴᠠᠬᠤ ᠤᠷᠮ᠎ᠠ | ᠪᠠᠬ᠎ᠠ ᠶᠢ ᠬᠥᠭᠵᠢᠭᠡᠬᠦ ᠶᠢᠨ ᠲᠥᠯᠥᠭᠡ᠂ ᠲᠠᠯᠠᠪᠤᠷ ᠤᠨ ᠰᠠᠭᠠᠳ ᠳᠠᠪᠠᠭ᠋ᠤ᠂ ᠮᠤᠷᠢᠨ ᠳᠡᠭᠡᠷᠡᠬᠢ ᠤᠷ᠎ᠠ ᠮᠡᠷᠭᠡᠰᠢᠯ ᠢᠶᠠᠷ | ᠭᠤᠤᠯ ᠤᠷᠤᠯᠳᠤᠭᠠᠨ ᠤ ᠠᠷᠭ᠎ᠠ ᠮᠠᠶ᠋ᠢᠭ ᠪᠣᠯᠭᠠᠵᠤ᠂ 8 ᠤᠳᠠᠭ᠎ᠠ ᠶᠡᠭᠡ ᠬᠡᠪᠴᠢᠶᠡᠨ ᠤ ᠤᠷᠤᠯᠳᠤᠭᠠᠨ ᠶᠠᠪᠤᠭᠤᠯᠪᠠ᠃ | ᠡᠭᠦᠨ ᠳᠤ 2022 ᠣᠨ ᠳᠤ ᠤᠯᠠᠭᠠᠨᠬᠤᠲᠠ ᠶᠢᠨ ᠵᠠᠰᠠᠭ ᠤᠨ ᠣᠷᠳᠣᠨ᠂ ᠤᠯᠠᠭᠠᠨᠬᠤᠲᠠ ᠶᠢᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ᠳᠤᠮᠳᠠᠳᠤ ᠤᠯᠤᠰ ᠤᠨ ᠮᠣᠷᠢ ᠪᠠᠨ | ᠬᠠᠶᠢᠷᠠᠯᠠᠬᠤ ᠡᠳᠦᠷ ᠤᠨ ᠠᠵᠢᠯᠯᠠᠭ᠎ᠠ ᠳᠤ ᠤᠷᠤᠯᠴᠠᠭᠰᠠᠨ ᠮᠤᠷᠢᠨ ᠮᠡᠷᠭᠡᠵᠢᠯ ᠤᠨ ᠠᠩᠭᠢ ᠶᠢᠨ ᠰᠤᠷᠤᠭᠴᠢᠳ ᠤᠨ | ᠪᠤᠯᠪᠠᠰᠤᠷᠠᠩᠭᠤᠢ ᠦᠵᠡᠭᠦᠯᠭᠡ ᠨᠢ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠲᠠᠲᠠᠵᠠᠢ᠃ ᠮᠦᠨ ᠴᠦ ᠠᠴᠢᠳᠤ | ᠪᠠᠭᠰᠢ ︵ᠰᠤᠷᠭᠠᠭᠴᠢ︶ ᠨᠠᠷ ᠤᠨ ᠬᠠᠳᠠᠭᠤᠵᠢᠯᠳᠠᠢ ᠴᠢᠷᠮᠠᠶᠢᠯᠭ᠎ᠠ ᠪᠤᠯᠤᠨ ᠤᠷᠢ ᠵᠠᠯᠠᠭᠤ ᠤᠶᠤᠳᠠᠳ ᠤᠨ ᠤᠬᠠᠭᠠᠨ | ᠪᠢᠯᠢᠭ ᠤᠨ ᠰᠤᠷᠢᠯᠭ᠎ᠠ ᠪᠠᠷ 2021 ᠤᠨ ᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ ᠠᠴᠠ | ᠤᠯᠭᠤᠭᠰᠠᠨ ︽2020 ᠤᠨ ᠤ ᠲᠤᠮᠳᠠᠳᠤ ᠤᠯᠤᠰ ᠤᠨ ᠠᠳᠤᠭᠤᠨ ᠦᠢᠯᠡᠰ ᠤᠨ ᠪᠥᠸᠧ ᠯᠧ ᠱᠠᠩᠨᠠᠯ︾ ᠢ | ᠲᠤᠰᠴᠠᠢ᠃ | ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠨ ᠰᠤᠷᠤᠭᠴᠢᠳ ᠤᠨ ᠠᠵᠢᠯ ᠤᠯᠭᠤᠯᠳᠠ | ᠶᠢ ᠨᠡᠮᠡᠭᠳᠡᠭᠦᠯᠦᠨ᠎ᠡ᠃ ᠬᠠᠪᠤᠷ ᠲᠠᠷᠢᠶᠠᠯᠠᠵᠤ᠂ ᠵᠤᠨ ᠠᠷᠠᠴᠢᠯᠠᠵᠤ᠂ ᠨᠠᠮᠤᠷ ᠬᠤᠷᠢᠶᠠᠳᠠᠭ ᠲᠠᠷᠢᠶᠠᠴᠢᠨ ᠤ ᠵᠢᠮ᠎ᠡ ᠪᠠᠷ | ᠲᠤᠰ ᠮᠤᠷᠢᠨ ᠮᠡᠷᠭᠡᠵᠢᠯ ᠤᠨ ᠰᠠᠯᠪᠤᠷᠢ ᠨᠢ ᠲᠤᠮᠳᠠ ᠵᠡᠷᠭᠡ ᠶᠢᠨ ᠲᠤᠰᠬᠠᠶ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ᠂ 5 ᠵᠢᠯ ᠤᠨ ᠳᠦᠷᠢᠮᠲᠦ ᠬᠡᠷᠡᠭᠯᠡᠭᠡᠨ ᠤ ᠬᠡᠯᠪᠡᠷᠢ ᠶᠢᠨ ᠵᠢᠩᠭᠢᠨᠢ ᠠᠩᠭᠢ ᠵᠡᠷᠭᠡ ᠭᠤᠷᠪᠠᠨ ᠲᠦᠷᠦᠯ ᠤᠨ | ᠰᠤᠷᠭᠠᠭᠤᠯᠢ ᠡᠷᠭᠢᠯᠡᠬᠦ ᠵᠠᠭᠪᠤᠷ ᠲᠠᠢ᠃ ᠪᠠᠭᠰᠢ ᠰᠤᠷᠭᠠᠭᠴᠢ ᠶᠢᠨ ᠰᠢᠷᠭᠠᠭᠤ ᠬᠠᠳᠠᠭᠤᠵᠢᠯᠳᠠᠢ ᠵᠢᠭᠠᠨ ᠰᠤᠷᠭᠠᠯᠳᠠ | ᠪᠠ ᠵᠠᠯᠠᠭᠤ ᠰᠤᠷᠤᠭᠴᠢᠳ ᠤᠨ ᠴᠤᠴᠠᠯᠳᠠ ᠦᠭᠡᠢ ᠰᠤᠷᠢᠯᠳᠠ ᠪᠤᠯᠪᠠᠰᠤᠷᠠᠯ ᠢᠶᠠᠷ ᠮᠤᠷᠢᠨ ᠮᠡᠷᠭᠡᠵᠢᠯ ᠤᠨ ᠰᠠᠯᠪᠤᠷᠢ | ᠶᠢᠨ ᠳᠡᠭᠦᠰᠬᠦ ᠰᠤᠷᠤᠭᠴᠢᠳ ᠤᠨ ᠠᠵᠢᠯ ᠤᠯᠭᠤᠯᠳᠠ ᠳᠡᠭᠡᠷ᠎ᠡ ᠦᠨᠡᠭᠡᠷ ᠬᠦᠴᠦ ᠲᠠᠯᠪᠢᠵᠤ ᠪᠠᠶᠢᠨ᠎ᠠ᠃ ᠤᠳᠤᠬᠠᠨ ᠤ | ᠮᠣᠷᠢᠨ ᠮᠡᠷᠭᠡᠵᠢᠯ ᠤᠨ ᠲᠤᠰᠬᠠᠶ ᠮᠡᠷᠭᠡᠵᠢᠯ ᠤᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠡᠭᠡ᠂ ᠬᠠᠩᠭᠠᠯᠭ᠎ᠠ ᠨᠢ | ᠬᠡᠷᠡᠭᠴᠡᠭᠡ ᠳᠡᠭᠡᠨ ᠬᠥᠷᠬᠦ ᠥᠬᠡᠶ ᠪᠠᠶᠢᠨ᠎ᠠ᠃ | ᠬᠤᠷ᠎ᠠ ᠶᠢᠨ ᠰᠢᠮ᠎ᠡ ᠬᠦᠯᠦᠰᠦᠨ ᠲᠤᠰᠤᠯ ᠳᠤ ᠬᠤᠸᠠᠷ ᠴᠡᠴᠡᠭ ᠮᠢᠷᠠᠯᠵᠠᠨᠠᠮ᠃ ᠳᠡᠭᠦᠰᠬᠦ ᠰᠤᠷᠤᠭᠴᠢᠳ ᠤᠨ | ᠠᠵᠢᠯ ᠤᠯᠬᠤ ᠵᠠᠮ ᠢ ᠦᠷᠭᠡᠳᠭᠡᠬᠦ ᠪᠠᠷ ᠲᠤᠰ ᠮᠤᠷᠢᠨ ᠮᠡᠷᠭᠡᠵᠢᠯ ᠤᠨ ᠰᠠᠯᠪᠤᠷᠢ ᠤᠯᠤᠰ ᠤᠨ ᠳᠣᠲᠣᠭᠠᠳᠤ ᠶᠢᠨ | ᠤᠯᠠᠨ ᠮᠤᠷᠢᠨ ᠮᠡᠷᠭᠡᠵᠢᠯ ᠤᠨ ᠺᠯᠦ᠋ᠪ ᠲᠠᠢ ᠤᠷᠳᠤ ᠬᠤᠭᠤᠴᠠᠭᠠᠨ ᠤ ᠬᠠᠮᠲᠤᠷᠠᠯᠴᠠᠭ᠎ᠠ ᠪᠠᠶᠢᠭᠤᠯᠪᠠ᠂ ᠵᠢᠱᠢᠶᠡᠯᠡᠪᠡᠯ | ᠪᠡᠭᠡᠵᠢᠩ ᠳᠠᠬᠢ ᠲᠢᠶᠠᠨ ᠰᠢᠩ ᠳ᠋ᠢᠶᠣᠣ ᠯᠢᠶᠠᠩ ᠤᠯᠠᠨ ᠤᠯᠤᠰ ᠤᠨ ᠮᠤᠷᠢᠨ ᠮᠡᠷᠭᠡᠵᠢᠯ ᠤᠨ ᠺᠯᠦ᠋ᠪ᠂ ᠯᠠᠨ ᠳ᠋ᠢᠶᠤᠤ | ᠤᠯᠠᠨ ᠤᠯᠤᠰ ᠤᠨ ᠮᠤᠷᠢᠨ ᠮᠡᠷᠭᠡᠵᠢᠯ ᠤᠨ ᠺᠯᠦ᠋ᠪ ᠵᠡᠷᠭᠡ ᠠᠵᠢᠯ ᠲᠦᠷᠦᠯ ᠤᠨ ᠲᠡᠷᠢᠭᠦᠨ ᠤ ᠠᠵᠤ ᠠᠬᠤᠶᠢᠯᠠᠯ ᠲᠠᠢ | ᠳᠠᠳᠤᠯᠭ᠎ᠠ ᠪᠣᠯᠪᠠᠰᠤᠷᠠᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠬᠠᠮᠲᠤᠷᠠᠨ ᠪᠤᠯᠪᠠᠰᠤᠷᠠᠭᠤᠯᠬᠤ᠂ | ᠠᠵᠢᠯ ᠤᠨ ᠪᠠᠶᠢᠷᠢ ᠤᠯᠭᠤᠬᠤ ᠵᠡᠷᠭᠡ ᠲᠠᠯ᠎ᠠ ᠪᠠᠷ ᠨᠢᠭᠲᠠ ᠬᠠᠮᠵᠢᠯᠴᠠᠨ ᠠᠵᠢᠯᠯᠠᠵᠤ ᠪᠤᠢ᠃ ᠡᠳᠡᠭᠡᠷ ᠠᠵᠤ | ᠠᠬᠤᠶᠢᠯᠠᠯ ᠤᠨ ᠬᠠᠷᠠᠭᠠᠯᠵᠠᠯ ᠨᠢ ᠡᠯᠪᠡᠭ ᠳᠡᠯᠪᠡᠭ ᠪᠠᠶᠢᠵᠤ᠂ ᠳᠠᠳᠤᠯᠭ᠎ᠠ ᠶᠢᠨ ᠴᠠᠯᠢᠩ ᠨᠢ ᠴᠦ ᠰᠠᠷ᠎ᠠ ᠳᠤ 5000 | — 6000 ᠭᠠᠷᠤᠶ ᠲᠦᠭᠦᠷᠢᠭ ᠲᠤ ᠬᠦᠷᠴᠦ ᠪᠠᠶᠢᠨ᠎ᠠ᠃ ᠤᠳᠤᠬᠠᠨ ᠳᠤ ᠲᠤᠰ ᠰᠠᠯᠪᠤᠷᠢ ᠠᠴᠠ ᠳᠡᠭᠦᠰᠦᠭᠰᠡᠨ | ᠰᠤᠷᠤᠭᠴᠢᠳ ᠪᠦᠬᠦ ᠤᠯᠤᠰ ᠤᠨ ᠡᠯ᠎ᠡ ᠭᠠᠵᠠᠷ ᠲᠤ ᠲᠠᠷᠬᠠᠵᠤ᠂ ᠥᠪᠡᠷ ᠤᠨ ᠴᠢᠷᠮᠠᠶᠢᠯᠭ᠎ᠠ ᠪᠠᠷ ᠢᠶᠠᠨ ᠤᠳᠤ ᠨᠢᠭᠡᠨᠲᠡ | ᠠᠳᠤᠭᠤᠨ ᠦᠢᠯᠡᠰ ᠤᠨ ᠠᠵᠤ ᠠᠬᠤᠶᠢᠯᠠᠯ ᠤᠨ ᠭᠤᠣᠯᠯᠠᠭᠴᠢ ᠬᠦᠴᠦᠨ ᠪᠤᠯᠤᠭᠠᠳ ᠬᠢᠯᠠᠷᠠᠭᠤᠯᠵᠤ ᠶᠠᠪᠤᠨ᠎ᠠ᠃ | ᠢᠳᠡᠭᠡᠯ ᠬᠦᠰᠡᠯ ᠤᠨ ᠨᠠᠷᠠ ᠢᠯᠠᠯᠳᠠ ᠶᠢᠨ ᠡᠷᠴᠢ ᠠᠮᠵᠢᠯᠳᠠ ᠶᠢᠨ ᠰᠠᠭᠤᠷᠢᠨ ᠳᠡᠭᠡᠷ᠎ᠡ ᠮᠠᠨᠳᠤᠨ᠎ᠠ᠃ ᠲᠤᠰ | ᠰᠠᠯᠪᠤᠷᠢ ᠶᠢᠨ ᠠᠵᠢᠯ ᠤᠯᠬᠤ ᠴᠢᠭᠯᠡᠯ ᠨᠡᠯᠢᠶᠡᠳ ᠥᠷᠭᠡᠨ᠂ ᠠᠵᠢᠯ ᠤᠯᠬᠤ ᠨᠣᠷᠮ᠎ᠠ ᠨᠡᠯᠢᠶᠡᠳ ᠥᠨᠳᠥᠷ᠃ ᠪᠤᠳᠠᠳᠠᠢ | ᠪᠠᠷ ᠬᠡᠯᠡᠪᠡᠯ᠂ 2023 ᠣᠨ ᠳᠤ ᠨᠡᠶᠢᠲᠡ 51 ᠰᠣᠷᠣᠭᠴᠢ ᠲᠡᠭᠦᠰᠴᠡᠶ᠂ ᠡᠭᠦᠨ ᠳᠤ 2020 ᠣᠨ ᠤ 5 ᠵᠢᠯ ᠤᠨ | ᠳᠦᠷᠢᠮᠲᠦ ᠬᠡᠷᠡᠭᠯᠡᠭᠡᠨ ᠤ ᠬᠡᠯᠪᠡᠷᠢ ᠶᠢᠨ ᠵᠢᠩᠭᠢᠨᠢ ᠠᠩᠭᠢ ᠶᠢᠨ 36 ᠰᠣᠷᠣᠭᠴᠢ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠠᠳᠤᠭᠤᠨ ᠦᠢᠯᠡᠰ ᠤᠨ | ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠳᠤ ᠡᠯᠰᠡᠭᠳᠡᠪᠡ᠃ ᠪᠤᠰᠤᠳ 15 ᠰᠤᠷᠤᠭᠴᠢ ᠭᠤᠤᠯᠳᠠᠭᠤ ᠪᠡᠭᠡᠵᠢᠩ᠂ | ᠲᠢᠶᠠᠨᠵᠢᠨ᠂ ᠹᠦᠵᠢᠶᠠᠨ ᠮᠤᠵᠢ ᠶᠢᠨ ᠹᠦᠵᠧᠦ ᠬᠤᠲᠠ᠂ ᠥᠪᠥᠷ ᠮᠣᠩᠭᠤᠯ᠂ ᠬᠠᠷᠠᠮᠥ᠋ᠷᠡᠨ ᠮᠤᠵᠢ ᠶᠢᠨ ᠳ᠋ᠠᠴᠢᠩ | ᠬᠤᠳᠠ᠂ ᠬᠠᠶᠢᠨᠠᠨ ᠮᠤᠵᠢ᠂ ᠱᠧᠨᠵᠧᠨ ᠵᠡᠷᠭᠡ 7 ᠮᠤᠵᠢ ᠣᠷᠣᠨ ᠬᠤᠳᠠ ᠪᠠᠷ ᠲᠠᠷᠬᠠᠵᠤ᠂ ᠭᠤᠤᠯᠳᠠᠭᠤ ᠮᠣᠷᠢᠨ | ᠮᠡᠷᠭᠡᠵᠢᠯ ᠤᠨ ᠰᠤᠷᠭᠠᠭᠴᠢ᠂ ᠤᠶᠠᠭᠠᠴᠢᠨ᠂ ᠡᠮᠨᠢᠭ ᠰᠤᠷᠭᠠᠭᠴᠢ᠂ ᠮᠣᠷᠢᠨ ᠤ ᠶᠠᠪᠤᠳᠠᠯ ᠤᠨ ᠳᠠᠭᠠᠭᠠᠮᠠᠯ ᠵᠡᠷᠭᠡ | ᠠᠵᠢᠯ ᠤᠨ ᠪᠠᠶᠢᠷᠢ ᠳᠤ ᠬᠤᠪᠢᠶᠠᠭᠳᠠᠵᠤ᠂ ᠠᠵᠢᠯ ᠣᠯᠤᠭᠰᠠᠨ ᠨᠣᠷᠮ᠎ᠠ ᠨᠢ 100% ᠳᠤ ᠬᠦᠷᠴᠡᠶ᠃ ᠡᠭᠦᠨ ᠤ | ᠲᠤᠬᠠᠢ ᠰᠤᠷᠪᠤᠯᠵᠢᠯᠠᠭᠴᠢ ᠬᠡᠳᠦᠨ ᠳᠡᠭᠦᠰᠦᠭᠰᠡᠨ ᠰᠤᠷᠤᠭᠴᠢ ᠲᠠᠢ ᠴᠠᠭ ᠪᠤᠯᠵᠤᠵᠤ ᠤᠳᠠᠰᠤ ᠪᠠᠷ ᠰᠤᠷᠪᠤᠯᠵᠢᠯᠠᠯ᠎ᠠ᠃ | | ᠬᠥ᠋ ᠰᠢᠶᠤᠤ ᠷᠠᠨ — ᠤᠷᠳᠤᠰ ᠬᠤᠳᠠ ᠶᠢᠨ ᠦᠤᠰᠢᠨ ᠬᠤᠰᠢᠭᠤᠨ ᠳᠤ ᠨᠤᠳᠤᠭ ᠲᠠᠢ᠃ 2020 ᠣᠨ ᠤ 9 | ᠰᠠᠷ᠎ᠠ ᠳᠤ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠷᠢᠨ ᠮᠡᠷᠭᠡᠵᠢᠯ ᠤᠨ ᠰᠠᠯᠪᠤᠷᠢ ᠳᠤ ᠣᠷᠣᠵᠤ | ᠰᠤᠷᠤᠯᠴᠠᠪᠠ᠂ 2021.7 — 2021.9 ᠳᠤ ᠣᠷᠳᠣᠰ ᠬᠤᠲᠠ ᠶᠢᠨ ᠬᠤᠤ ᠱᠢ ᠮᠣᠷᠢᠨ ᠮᠡᠷᠭᠡᠵᠢᠯ ᠤᠨ | ᠺᠯᠦ᠋ᠪ ᠲᠤ ᠮᠣᠷᠢᠨ ᠮᠡᠷᠭᠡᠵᠢᠯ ᠤᠨ ᠰᠤᠷᠭᠠᠭᠴᠢ ᠪᠠᠷ ᠳᠠᠳᠤᠯᠭ᠎ᠠ ᠬᠢᠵᠡᠢ᠃ 2023 ᠣᠨ ᠤ 7 ᠰᠠᠷ᠎ᠠ ᠳᠤ ᠬᠢᠩᠭᠠᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠴᠦ᠂ 2023 ᠣᠨ ᠤ 7 ᠰᠠᠷ᠎ᠠ ᠳᠤ ᠰᠢᠯᠢ ᠶᠢᠨ ᠭᠤᠤᠯ | ᠠᠶᠢᠮᠠᠭ ᠤᠨ ᠲᠠᠶᠢᠹᠤᠰᠧ ᠬᠤᠰᠢᠭᠤᠨ ᠤ ᠢᠦᠶ ᠮᠠ ᠶᠤᠸᠠᠨ ᠳᠤ ᠲᠦᠷ ᠠᠵᠢᠯᠯᠠᠵᠤ᠂ 2023 ᠣᠨ ᠤ 9 | ᠰᠠᠷ᠎ᠠ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠢᠩᠭᠢᠨᠢ ᠠᠩᠭᠢ ᠳᠤ ᠦᠷᠭᠦᠯᠵᠢᠯᠡᠨ | ᠰᠤᠷᠤᠯᠴᠠᠬᠤ ᠪᠠᠷ ᠪᠣᠶ᠃ | ᠵᠣᠣ ᠪᠢᠨ ᠪᠢᠨ — ᠲᠦᠩᠯᠢᠶᠤᠤ ᠬᠤᠳᠠ ᠶᠢᠨ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠳᠤ ᠨᠤᠳᠤᠭ | ᠲᠠᠢ᠃ 2020 ᠣᠨ ᠤ 9 ᠰᠠᠷ᠎ᠠ ᠳᠤ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠷᠢᠨ | ᠮᠡᠷᠭᠡᠵᠢᠯ ᠤᠨ ᠰᠠᠯᠪᠤᠷᠢ ᠳᠤ ᠣᠷᠣᠵᠤ ᠰᠤᠷᠤᠯᠴᠠᠪᠠ᠂ 2022 ᠣᠨ ᠤ 7 ᠰᠠᠷ᠎ᠠ — 2023 ᠣᠨ ᠤ 5 | ᠰᠠᠷ᠎ᠠ ᠪᠤᠯᠳᠠᠯ᠎ᠠ ᠪᠡᠭᠡᠵᠢᠩ ᠳᠠᠬᠢ ᠲᠢᠶᠠᠨ ᠰᠢᠩ ᠳ᠋ᠢᠶᠣᠣ ᠯᠢᠶᠠᠩ ᠤᠯᠠᠨ ᠤᠯᠤᠰ ᠤᠨ ᠮᠣᠷᠢᠨ ᠮᠡᠷᠭᠡᠵᠢᠯ ᠤᠨ | ᠺᠯᠦ᠋ᠪ ᠲᠤ ᠮᠣᠷᠢᠨ ᠮᠡᠷᠭᠡᠵᠢᠯ ᠤᠨ ᠰᠤᠷᠭᠠᠭᠴᠢ ᠪᠣᠯᠵᠣ᠂ 2023 ᠣᠨ ᠤ 7 ᠰᠠᠷ᠎ᠠ ᠳᠤ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠴᠦ᠂ 2023 ᠣᠨ ᠤ 7 ᠰᠠᠷ᠎ᠠ ᠳᠤ ᠲᠢᠶᠠᠨ ᠰᠢᠩ ᠳ᠋ᠢᠶᠣᠣ | ᠯᠢᠶᠠᠩ ᠣᠯᠠᠨ ᠤᠯᠤᠰ ᠤᠨ ᠮᠣᠷᠢᠨ ᠮᠡᠷᠭᠡᠵᠢᠯ ᠤᠨ ᠺᠯᠦ᠋ᠪ ᠲᠤ ᠦᠷᠭᠦᠯᠵᠢᠯᠡᠨ ᠠᠵᠢᠯᠯᠠᠵᠤ᠂ ᠰᠠᠷ᠎ᠠ ᠶᠢᠨ ᠴᠠᠯᠢᠩ ᠨᠢ | 5000 — 6000 ᠲᠦᠭᠦᠷᠢᠭ ᠲᠤ ᠬᠦᠷᠴᠦ ᠪᠤᠢ᠃ | ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠤᠨ ᠠᠳᠤᠭᠤᠨ ᠦᠢᠯᠡᠰ ᠤᠨ ᠮᠤᠷᠢᠨ ᠰᠤᠶᠤᠯ ᠢ ᠬᠦᠭᠵᠢᠭᠦᠯᠦᠨ᠎ᠡ᠃ | 8 ᠵᠢᠯ᠂ ᠬᠦᠭᠵᠢᠯ ᠤᠨ ᠵᠢᠭᠦᠷ ᠤᠷᠭᠤᠭᠤᠯᠤᠭᠰᠠᠨ 8 ᠵᠢᠯ ᠡ᠃ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠮᠤᠷᠢᠨ ᠮᠡᠷᠭᠡᠵᠢᠯ ᠤᠨ ᠰᠠᠯᠪᠤᠷᠢ 2017 ᠤᠨ ᠠᠴᠠ ᠡᠬᠢᠯᠡᠨ ᠤᠨ ᠲᠠᠷᠠᠭᠠᠯᠠᠨ ᠨᠡᠶᠢᠭᠡᠮ | ᠨᠡᠶᠢᠳᠡ ᠶᠢᠨ ᠠᠵᠢᠯᠯᠠᠭᠠᠨ ᠳᠤ ᠤᠷᠤᠯᠴᠠᠵᠤ᠂ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠬᠦᠯᠵᠦ᠂ ᠠᠳᠤᠭᠤᠨ | ᠦᠢᠯᠡᠰ ᠤᠨ ᠮᠤᠷᠢᠨ ᠰᠤᠶᠤᠯ ᠢ ᠬᠦᠭᠵᠢᠬᠦᠯᠬᠦ ᠳᠤ ᠦᠵᠡᠭᠦᠯᠪᠡᠰᠦ ᠵᠤᠬᠢᠬᠤ ᠦᠢᠯᠡᠳᠦᠯ ᠢᠶᠠᠨ ᠦᠵᠡᠭᠦᠯᠦᠭᠰᠡᠭᠡᠷ | ᠢᠷᠡᠪᠡ᠃ | 2017 ᠣᠨ ᠳᠤ ᠪᠠᠶᠢᠭᠤᠯᠤᠭᠳᠠᠭᠠᠳ ᠤᠳᠠᠭ᠎ᠠ ᠦᠭᠡᠢ ᠪᠠᠶᠢᠭᠰᠠᠨ ᠮᠤᠷᠢᠨ ᠮᠡᠷᠭᠡᠵᠢᠯ ᠤᠨ ᠰᠠᠯᠪᠤᠷᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠮᠤᠷᠢᠳᠦ | ᠡᠩᠨᠡᠭᠡ ᠶᠢᠨ ᠬᠤᠪᠢ ᠪᠠᠷ ᠤᠯᠠᠭᠠᠨᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠤᠷᠤᠯᠴᠠᠪᠠ᠃ | 2018 ᠣᠨ ᠳᠤ ᠭᠤᠷᠪᠠ ᠤᠳᠠᠭ᠎ᠠ ᠲᠣᠮᠣ ᠬᠡᠯᠪᠡᠷᠢ ᠶᠢᠨ ᠨᠡᠶᠢᠭᠡᠮ ᠤᠨ ᠦᠢᠯᠡᠴᠢᠯᠡᠭᠡᠨ ᠤ ᠠᠵᠢᠯᠯᠠᠭ᠎ᠠ ᠡᠷᠭᠢᠯᠡᠪᠡ | ᠃ 4 ᠰᠠᠷ᠎ᠠ ᠶᠢᠨ 22 ᠤᠨ ᠡᠳᠦᠷ᠂ ︽ᠪᠠᠶᠠᠰᠬᠤᠯᠠᠩᠲᠤ ᠪᠢᠴᠢᠬᠠᠨ ᠮᠣᠷᠢᠲᠠᠨ︾ ᠤ ᠰᠤᠳᠤᠯᠤᠨ ᠰᠤᠷᠤᠯᠴᠠᠬᠤ | ᠪᠡᠶᠡᠴᠢᠯᠡᠨ ᠣᠶᠢᠯᠠᠭᠠᠬᠤ ᠠᠵᠢᠯᠯᠠᠭ᠎ᠠ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠵᠤ᠂ | ᠣᠯᠢᠮᠫᠢᠺ ᠤᠨ ᠲᠠᠮᠢᠷ ᠤᠨ ᠴᠤᠭᠯᠠᠭᠠᠨ ᠤ ᠮᠤᠷᠢᠨ ᠮᠡᠷᠭᠡᠵᠢᠯ ᠤᠨ ᠲᠦᠷᠦᠯ ᠵᠦᠢᠯ ᠢ ᠪᠡᠶᠡᠴᠢᠯᠡᠨ ᠣᠶᠢᠯᠠᠭᠠᠬᠤ᠂ ︽ | ᠪᠠᠶᠠᠰᠬᠤᠯᠠᠩᠲᠤ ᠪᠢᠴᠢᠬᠠᠨ ᠮᠣᠷᠢᠲᠠᠨ︾ ᠤ ᠰᠤᠷᠤᠯᠴᠠᠬᠤ ᠠᠵᠢᠯᠯᠠᠭ᠎ᠠ ᠦᠷᠨᠢᠭᠦᠯᠵᠡᠢ᠃ 5 ᠰᠠᠷ᠎ᠠ ᠶᠢᠨ 26 ᠤ | ᠡᠳᠦᠷ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︽ᠬᠡᠷ ᠲᠡᠭᠡᠨ ᠬᠤᠴᠣᠷᠤᠭᠰᠠᠨ ᠬᠡᠤᠬᠡᠳ ᠤᠨ | ᠰᠡᠳᠬᠢᠯ ᠢ ᠲᠤᠯᠠᠭᠠᠴᠠᠭᠤᠯᠬᠤ︾ ᠠᠵᠢᠯᠯᠠᠭ᠎ᠠ ᠡᠷᠭᠢᠯᠡᠪᠡ᠃ 5 ᠰᠠᠷ᠎ᠠ ᠶᠢᠨ 29 ᠤ ᠡᠳᠦᠷ ᠵᠢᠷᠭᠤᠭᠠᠨ ᠰᠠᠷ᠎ᠠ ᠶᠢᠨ | ᠨᠢᠭᠡᠨ ᠤ ᠬᠡᠦᠬᠡᠳ ᠤᠨ ᠪᠠᠶᠠᠷ ᠢ ᠪᠡᠯᠭᠡᠯᠡᠬᠦ ᠪᠠᠷ ︽ᠪᠢ ᠮᠤᠷᠢᠨ ᠳᠠᠭᠠᠨ ᠬᠠᠶᠢᠷᠠᠳᠠᠢ︾ ᠭᠡᠬᠦ ᠰᠤᠳᠤᠯᠤᠨ | ᠰᠤᠷᠤᠯᠴᠠᠬᠤ ᠲᠤᠷᠰᠢᠯᠲᠠ ᠶᠢᠨ ᠬᠢᠴᠢᠶᠡᠯ ᠢ ᠲᠤᠬᠢᠷᠠᠭᠤᠯᠵᠠᠢ᠃ | 2019 ᠣᠨ ᠳᠤ᠂ ᠲᠤᠰ ᠰᠠᠯᠪᠤᠷᠢ ᠶᠢᠨ ᠮᠤᠷᠢᠨ ᠮᠡᠷᠭᠡᠵᠢᠯ ᠤᠨ ᠠᠩᠭᠢ ︽ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ | ᠳᠠᠮᠵᠢᠭᠤᠯᠬᠤ ᠶᠣᠰᠣᠯᠠᠯ︾ ᠳᠤ ᠣᠷᠣᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠥᠷ | ᠮᠣᠩᠭᠤᠯ ᠤᠨ ᠣᠯᠠᠨ ᠲᠦᠮᠡᠨ ᠳᠤ ᠮᠣᠷᠢᠨ ᠮᠡᠷᠭᠡᠵᠢᠯ ᠤᠨ ᠴᠤᠭ ᠵᠢᠪᠬᠤᠭ᠎ᠠ ᠶᠢ ᠭᠠᠶᠢᠬᠠᠭᠤᠯᠪᠠ᠃ | 2021 ᠣᠨ ᠳᠤ᠂ ᠲᠤᠰ ᠮᠤᠷᠢᠨ ᠮᠡᠷᠭᠡᠵᠢᠯ ᠤᠨ ᠰᠠᠯᠪᠤᠷᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ ᠭᠠᠵᠠᠷ ᠪᠤᠯᠪᠠ᠃ 2021 ᠣᠨ ᠤ 10 ᠰᠠᠷ᠎ᠠ ᠶᠢᠨ 20 | — 23 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ ᠠᠴᠠ ᠭᠤᠤᠯᠯᠠᠨ | ᠡᠷᠭᠢᠯᠡᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠵᠦ᠂ ᠪᠡᠭᠡᠵᠢᠩ | ᠳᠠᠬᠢ ᠲᠢᠶᠠᠨ ᠰᠢᠩ ᠳ᠋ᠢᠶᠤᠤ ᠯᠢᠶᠠᠩ ᠣᠯᠠᠨ ᠤᠯᠤᠰ ᠤᠨ ᠮᠣᠷᠢᠨ ᠮᠡᠷᠭᠡᠵᠢᠯ ᠤᠨ ᠺᠯᠦ᠋ᠪ ᠠᠴᠠ ᠬᠠᠮᠳᠤᠷᠠᠨ | ᠡᠷᠭᠢᠯᠡᠭᠰᠡᠨ ᠪᠥᠬᠦ ᠤᠯᠤᠰ ᠤᠨ ᠠᠩᠬᠠᠳᠠᠭᠴᠢ ᠶᠡᠭᠡ ᠳᠡᠭᠡᠳᠦ ᠰᠤᠷᠭᠠᠭᠤᠯᠢ ᠶᠢᠨ ᠮᠣᠷᠢᠨ ᠮᠡᠷᠭᠡᠵᠢᠯ ᠤᠨ ᠠᠩᠬ᠎ᠠ | ᠵᠡᠷᠭᠡ ᠶᠢᠨ ᠰᠤᠷᠭᠠᠭᠴᠢ ᠶᠢᠨ ᠦᠨᠡᠮᠯᠡᠯ ᠤᠨ ᠪᠣᠯᠪᠠᠰᠤᠷᠠᠯ ᠤᠨ ᠠᠩᠭᠢ ᠮᠤᠷᠢᠨ ᠮᠡᠷᠭᠡᠵᠢᠯ ᠤᠨ ᠰᠠᠯᠪᠤᠷᠢ ᠳᠤ ᠬᠢᠴᠢᠶᠡᠯ | ᠡᠬᠢᠯᠡᠵᠦ᠂ 50 ᠭᠠᠷᠤᠶ ᠰᠣᠷᠣᠭᠴᠢ ᠳᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠮᠯᠡᠯ ᠣᠯᠭᠤᠵᠠᠢ᠃ | 2022 ᠣᠨ ᠤ 6 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠡᠷᠭᠢᠯᠡᠭᠰᠡᠨ ︽ᠴᠢᠶᠠᠨ · ᠬᠠᠶ︾ ᠰᠥᠨᠢ ᠶᠢᠨ ᠵᠡᠭᠡᠯᠢ ᠶᠢᠨ ᠠᠵᠢᠯᠯᠠᠭ᠎ᠠ ᠳᠤ ᠤᠷᠤᠯᠴᠠᠵᠤ ᠰᠤᠷᠤᠭᠴᠢᠳ ᠤᠨ ᠮᠣᠷᠢᠨ | ᠮᠡᠷᠭᠡᠵᠢᠯ ᠤᠨ ᠴᠤᠭ ᠵᠢᠪᠬᠤᠭ᠎ᠠ ᠶᠢ ᠭᠠᠶᠢᠬᠠᠭᠤᠯᠵᠠᠢ᠃ 2022 ᠣᠨ ᠤ 9 ᠰᠠᠷ᠎ᠠ ᠶᠢᠨ 19 ᠤ ᠡᠳᠦᠷ᠂ | ᠳᠣᠯᠣᠳᠠᠬᠢ ᠤᠳᠠᠭᠠᠨ ᠤ ᠳᠤᠮᠳᠠᠳᠤ ᠤᠯᠤᠰ ᠤᠨ ᠮᠣᠷᠢ ᠪᠠᠨ ᠬᠠᠶᠢᠷᠠᠯᠠᠬᠤ ᠡᠳᠦᠷ ᠢ ᠪᠡᠯᠭᠡᠯᠡᠬᠦ ᠪᠠᠷ᠂ | ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠳᠤᠷᠠᠨ ︽ᠦᠨᠳᠦᠰᠦᠲᠡᠨ ᠤ ᠪᠦᠯᠬᠦᠮᠳᠡᠯ | ᠬᠤᠨᠳᠠᠭᠠᠲᠤ︾ ᠮᠣᠷᠢᠨ ᠮᠡᠷᠭᠡᠵᠢᠯ ᠤᠨ ᠤᠷᠤᠯᠳᠤᠭᠠᠨ ᠵᠢᠴᠢ ︽9· 19 ᠳᠤᠮᠳᠠᠳᠤ ᠤᠯᠤᠰ ᠤᠨ ᠮᠣᠷᠢ ᠪᠠᠨ | ᠬᠠᠶᠢᠷᠠᠯᠠᠬᠤ ᠡᠳᠦᠷ︾ ᠤᠨ ᠠᠵᠢᠯᠯᠠᠭ᠎ᠠ ᠶᠠᠪᠤᠭᠳᠠᠭᠤᠯᠵᠤ᠂ ᠳᠡᠰᠪᠤᠷᠢ ᠬᠠᠳᠠᠭᠤᠵᠢᠯᠳᠡᠢ᠂ ᠴᠤᠴᠠᠯᠲᠠ ᠥᠬᠡᠶ | ᠤᠷᠤᠭᠰᠢᠯᠠᠨ᠂ ᠵᠤᠷᠢᠭᠰᠠᠨ ᠳᠠᠭᠠᠨ ᠵᠠᠪᠠᠯ ᠬᠦᠷᠬᠦ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠤᠭᠠᠳ | ᠂ ᠬᠢᠩᠭᠠᠨ ᠠᠶᠢᠮᠠᠭ ᠤᠨ ᠮᠣᠷᠢᠨ ᠮᠡᠷᠭᠡᠵᠢᠯ ᠤᠨ ᠨᠠᠷᠠᠲᠤ ᠲᠡᠮᠳᠡᠭ ᠪᠠ ᠵᠤᠭᠠᠴᠠᠯ ᠤᠨ ᠬᠢᠯᠠᠰ ᠴᠡᠭ ᠢ ᠡᠭᠦᠳᠬᠦ ᠳᠤ | ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ | 2023 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠶᠤᠲᠠᠳ ᠤᠨ ᠰᠤᠳᠤᠯᠤᠨ | ᠰᠤᠷᠤᠯᠴᠠᠬᠤ ᠵᠤᠭᠠᠴᠠᠯ ᠤᠨ ᠲᠥᠷᠥᠯ ᠵᠦᠢᠯ ᠳᠤ ᠬᠦᠴᠦᠨ ᠨᠡᠮᠡᠷᠢᠯᠡᠵᠦ᠂ 300 ᠭᠠᠷᠤᠶ ᠣᠶᠤᠲᠠᠨ ᠬᠠᠮᠳᠤᠷᠠᠨ | ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠲᠤ ᠰᠣᠶᠣᠯ — ᠠᠳᠤᠭᠤᠨ ᠰᠣᠶᠣᠯ ᠢ ᠤᠬᠠᠭᠤᠯᠪᠠ ᠁ ᠁ | | ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠳᠤ ᠲᠦᠮᠡᠨ ᠤ ᠬᠦᠰᠡᠯ ᠵᠡᠭᠦᠳᠦ ᠳᠡᠷᠭᠡᠯᠰᠢᠨ᠎ᠡ᠃ 2017 ᠣᠨ ᠤ | 12 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ | ᠣᠳᠣ ᠦᠶ᠎ᠡ ᠶᠢᠨ ᠠᠳᠤᠭᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠤᠳ︾ ᠢ ᠨᠡᠶᠢᠲᠡᠯᠡᠵᠦ᠂ | ᠣᠲᠣ ᠦᠶ᠎ᠡ ᠶᠢᠨ ᠠᠳᠤᠭᠤᠨ ᠦᠢᠯᠡᠰ ᠤᠨ ᠬᠥᠭᠵᠢᠯᠲᠡ ᠶᠢ ᠲᠤᠬᠠᠶ ᠶᠢᠨ ᠭᠠᠵᠠᠷ ᠤᠷᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠣᠲᠣ ᠦᠶ᠎ᠡ ᠶᠢᠨ ᠠᠳᠤᠭᠤᠨ ᠦᠢᠯᠡᠰ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠲᠣᠭᠲᠠᠭᠠᠨ | ᠨᠠᠶᠢᠳᠠᠪᠤᠷᠢᠵᠢᠭᠤᠯᠤᠭᠠᠳ ᠮᠤᠷᠢᠨ ᠮᠡᠷᠭᠡᠵᠢᠯ ᠤᠨ ᠦᠢᠯᠡᠰ ᠢ ᠭᠤᠤᠯᠳᠠᠯᠭ᠎ᠠ ᠲᠠᠢ ᠬᠥᠭᠵᠢᠭᠦᠯᠬᠦ᠂ ᠠᠳᠤᠭᠤᠨ | ᠦᠢᠯᠡᠰ ᠤᠨ ᠴᠢᠳᠠᠪᠤᠷᠢᠲᠠᠨ ᠤ ᠬᠥᠮᠦᠵᠢᠭᠦᠯᠦᠯ ᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢ ᠲᠣᠳᠣᠷᠬᠠᠶ ᠳᠤᠷᠠᠳᠤᠭᠰᠠᠨ | ᠪᠠᠶᠢᠨ᠎ᠠ᠃ ᠬᠠᠮᠢᠶᠠᠷᠤᠯᠳᠠ ᠲᠤᠬᠢᠳᠠᠢ ᠤᠳᠤᠷᠢᠳᠬᠤ ᠪᠠᠭ ᠲᠠᠢ᠂ ᠬᠠᠷᠢᠭᠤᠴᠠᠯᠭᠠᠳᠤ ᠰᠡᠳᠭᠢᠯᠭᠡ ᠲᠠᠢ ᠪᠠᠭᠰᠢ | ᠰᠤᠷᠭᠠᠭᠴᠢ ᠶᠢᠨ ᠡᠩᠨᠡᠭᠡ ᠲᠠᠢ᠂ ᠠᠮᠢᠳᠤᠯᠢᠭ ᠰᠤᠷᠴᠤ ᠯᠠᠪᠳᠠᠭᠤᠨ ᠡᠵᠡᠮᠰᠢᠬᠦ ᠰᠤᠷᠤᠭᠴᠢ ᠶᠢᠨ ᠰᠠᠭᠤᠷᠢ ᠲᠠᠢ | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠤᠷᠢᠨ ᠮᠡᠷᠭᠡᠵᠢᠯ ᠤᠨ ᠰᠠᠯᠪᠤᠷᠢ ᠪᠦᠷᠢᠨ ᠲᠦᠭᠦᠷ | ᠪᠠᠷᠢᠮᠵᠢᠶᠠᠳᠤ ᠤᠷᠴᠢᠨ ᠨᠦᠬᠦᠴᠡᠯ ᠳᠡᠭᠡᠨ ᠲᠦᠰᠢᠭᠯᠡᠨ ᠮᠤᠷᠢᠨ ᠮᠡᠷᠭᠡᠵᠢᠯ ᠤᠨ ᠠᠵᠢᠯ ᠲᠦᠷᠦᠯ ᠳᠤ ᠳᠡᠭᠡᠳᠦ ᠳᠡᠰ | ᠤᠨ ᠮᠡᠷᠭᠡᠵᠢᠯ ᠤᠨ ᠴᠢᠳᠠᠪᠤᠷᠢᠲᠠᠨ ᠢ ᠬᠦᠷᠭᠡᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ | ᠪᠠᠷᠢᠮᠲᠠᠯᠠᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠠᠳᠤᠭᠤᠨ ᠦᠢᠯᠡᠰ ᠲᠤ ᠴᠢᠬᠤᠯᠠ ᠬᠤᠪᠢ ᠨᠡᠮᠡᠷᠢ | ᠪᠠᠨ ᠦᠵᠡᠬᠦᠯᠬᠦ ᠪᠠᠷ ᠮᠡᠷᠡᠶᠢᠨ ᠴᠢᠷᠮᠠᠶᠢᠵᠤ ᠪᠠᠶᠢᠨ᠎ᠠ᠃ | |