| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 12 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽2023 ᠣᠨ ᠤ ᠬᠢᠩᠭᠠᠨ ᠠᠶᠢᠮᠠᠭ ᠤᠨ ᠠᠵᠤ | ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠵᠢᠯ ᠤᠨ ᠭᠤᠤᠯᠳᠠᠯᠭ᠎ᠠ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | | 2023 ᠣᠨ ᠤ 3 ᠰᠠᠷ᠎ᠠ ᠶᠢᠨ 27 | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | 2023 ᠣᠨ ᠤ ᠬᠢᠩᠭᠠᠨ ᠠᠶᠢᠮᠠᠭ ᠤᠨ ᠠᠵᠤᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠭᠤᠤᠯᠳᠠᠯᠭ᠎ᠠ | | ᠨᠢᠭᠡ᠂ ᠳᠠᠪᠠᠭᠤᠯᠢᠭ ᠣᠨᠴᠠᠯᠢᠭ ᠪᠦᠬᠦᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ᠎ᠠ | 1. ᠦᠢᠯᠡᠳᠬᠦ ᠦᠢᠯᠡᠰ ᠤᠨ ᠦᠨᠳᠦᠷ ᠳᠡᠰ ᠤᠨ ᠬᠥᠭᠵᠢᠯᠲᠡ ᠶᠢ ᠠᠬᠢᠭᠤᠯᠵᠤ᠂ ᠪᠣᠬᠢᠷᠲᠤᠯ ᠥᠬᠡᠶ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠥᠷᠥᠯ ᠵᠦᠢᠯ ᠢ 5 ᠠᠴᠠ ᠳᠡᠭᠡᠭᠰᠢ | ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠢ 5 ᠠᠴᠠ ᠳᠡᠭᠡᠭᠰᠢ᠂ ᠣᠲᠣ ᠦᠶ᠎ᠡ ᠶᠢᠨ ᠲᠣᠨᠤᠭ | ᠲᠥᠬᠦᠭᠡᠷᠦᠮᠵᠢ ᠦᠢᠯᠡᠳᠬᠦ ᠲᠥᠷᠥᠯ ᠵᠦᠢᠯ ᠢ 2 ᠠᠴᠠ ᠳᠡᠭᠡᠭᠰᠢ᠂ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ | 1 ᠠᠴᠠ ᠳᠡᠭᠡᠭᠰᠢ ᠬᠡᠷᠡᠭᠵᠢᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | 2. ᠦᠢᠯᠡᠳᠬᠦ ᠦᠢᠯᠡᠰ ᠤᠨ ᠤᠶᠤᠨᠴᠢᠯᠠᠭᠰᠠᠨ ᠬᠥᠭᠵᠢᠯᠲᠡ ᠶᠢ ᠠᠬᠢᠭᠤᠯᠵᠤ᠂ ︽ᠲᠦᠮᠡᠨ ᠠᠵᠤ ᠠᠬᠤᠶᠢᠯᠠᠯ ᠢ | ᠡᠭᠦᠯᠡᠨ ᠪᠤᠳᠤᠯᠳᠠ ᠶᠢ ᠳᠤ ᠤᠷᠤᠭᠤᠯᠬᠤ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠭᠦᠯᠡᠨ | ᠪᠤᠳᠤᠯᠳᠠ ᠶᠢ ᠳᠤ ᠤᠷᠤᠭᠤᠯᠬᠤ ᠠᠵᠤ ᠠᠬᠤᠶᠢᠯᠠᠯ ᠢ 50 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠲᠡᠷᠢᠭᠦᠨ ᠤ ᠮᠡᠷᠭᠡᠵᠢᠯ᠂ ᠲᠣᠨᠤᠭ ᠲᠥᠬᠦᠭᠡᠷᠦᠮᠵᠢ ᠶᠢ ᠬᠡᠷᠡᠭᠯᠡᠨ ᠤᠶᠤᠨᠴᠢᠯᠠᠨ ᠥᠭᠡᠷᠡᠴᠢᠯᠡᠵᠦ | ᠳᠡᠭᠡᠭᠰᠢᠯᠡᠭᠦᠯᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ | ᠪᠠᠯᠠ ᠮᠥᠩᠭᠦ ᠶᠢᠨ ᠲᠥᠷᠥᠯ ᠵᠦᠢᠯ ᠢᠶᠠᠷ ᠮᠡᠳᠡᠭᠦᠯᠬᠦ ᠶᠢ ᠵᠣᠷᠢᠭᠵᠢᠭᠤᠯᠤᠨ ᠤᠶᠤᠨᠲᠤ ᠦᠢᠯᠡᠳᠪᠦᠷᠢ ︵ | ᠲᠣᠭᠠᠴᠢᠯᠠᠭᠰᠠᠨ ᠦᠢᠯᠡᠳᠪᠦᠷᠢ ᠶᠢᠨ ᠲᠠᠰᠤᠭ᠂ ︽ᠮᠠᠰᠢᠨ ᠢᠶᠠᠷ ᠬᠥᠮᠦᠨ ᠰᠣᠯᠢᠬᠤ︾ ᠲᠥᠷᠥᠯ ᠵᠦᠢᠯ︶ ᠶᠢ | ᠪᠤᠶᠢᠵᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠶᠤᠨᠲᠤ | ᠦᠢᠯᠡᠳᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠮᠡᠳᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 3. ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 2022 | ᠣᠨ ᠳᠤ ᠨᠢᠭᠡᠨᠲᠡ ᠬᠡᠷᠡᠭᠵᠢᠭᠦᠯᠦᠭᠰᠡᠨ ᠪᠠ ᠬᠡᠷᠡᠭᠵᠢᠭᠦᠯᠬᠦ ᠪᠠᠷ ᠪᠠᠶᠢᠭ᠎ᠠ ᠡᠬᠢ ᠰᠤᠷᠪᠤᠯᠵᠢ ᠶᠢᠨ ᠲᠣᠤᠷᠵᠢᠭᠤᠯᠤᠨ | ᠨᠥᠭᠡᠴᠡᠯᠡᠬᠦ᠂ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ᠂ ᠬᠦᠷᠢᠶᠡᠯᠡᠩ ᠲᠣᠭᠤᠷᠢᠭ ᠤᠨ | ᠪᠣᠬᠢᠷᠲᠤᠯ ᠥᠬᠡᠶ ᠪᠠᠷ ᠴᠠᠬᠢᠯᠭᠠᠨ ᠬᠠᠩᠭᠠᠬᠤ᠂ ᠥᠩᠭᠡ ᠦᠵᠡᠮᠵᠢ ᠪᠠᠷ ᠤᠰᠤᠲᠥ᠋ᠷᠥᠭᠴᠢ ᠦᠢᠯᠡᠳᠬᠦ ᠵᠡᠷᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ | ᠳᠡᠭᠡᠷ᠎ᠡ ᠬᠠᠭᠠᠰ ᠵᠢᠯ ᠳᠤ ᠬᠢᠨᠠᠨ ᠵᠥᠪᠰᠢᠶᠡᠷᠡᠬᠦ ᠶᠢᠨ ᠬᠠᠮᠲᠤ ᠠᠵᠢᠯ ᠡᠬᠢᠯᠡᠭᠦᠯᠬᠦ ᠶᠢ ᠲᠦᠷᠭᠡᠳᠬᠡᠨ ᠠᠬᠢᠭᠤᠯᠵᠤ᠂ | ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ | ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ | 2023 ᠣᠨ ᠤ ᠪᠥᠬᠦ ᠵᠢᠯ ᠳᠤ ᠰᠢᠨ᠎ᠡ ᠪᠠᠷ ᠨᠡᠮᠡᠭᠳᠡᠭᠦᠯᠬᠦ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠶᠢ 170 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 4. ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠦᠨ ᠰᠢᠩᠭᠡᠭᠡᠨ ᠠᠪᠬᠤ ᠲᠥᠷᠥᠯ ᠵᠦᠢᠯ ᠢ ᠳᠡᠮᠵᠢᠵᠦ᠂ | ᠥᠩᠭᠡ ᠦᠵᠡᠮᠵᠢ ᠶᠢᠨ ᠡᠬᠢ ᠪᠠᠶᠠᠯᠢᠭ ᠢ ᠤᠷᠢᠳᠠᠪᠠᠷ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠳᠠᠭᠠᠭᠠᠴᠠ ᠳᠤ | ᠳᠣᠭᠢᠷᠠᠭᠤᠯᠬᠤ ᠶᠢ ᠨᠢᠭᠡᠳᠦᠯᠲᠡᠶ ᠲᠥᠯᠥᠪᠯᠡᠨ᠂ ᠠᠵᠤᠦᠢᠯᠡᠰ ᠤᠨ ᠲᠥᠷᠥᠯ ᠵᠦᠢᠯ ᠢ ᠢᠳᠡᠪᠬᠢᠲᠡᠶ ᠪᠠᠷ | ᠨᠠᠶᠢᠳᠠᠪᠤᠷᠢᠵᠢᠭᠤᠯᠵᠤ᠂ ᠪᠤᠬᠢᠷᠳᠦᠯ ᠦᠭᠡᠢ ᠴᠠᠬᠢᠯᠭᠠᠨ ᠢ ᠶᠡᠭᠡ ᠬᠡᠪᠴᠢᠶ᠎ᠡ ᠪᠠᠷ ᠲᠤᠬᠠᠶ ᠶᠢᠨ ᠭᠠᠵᠠᠷ ᠲᠤᠨᠢ | ᠰᠢᠩᠭᠡᠭᠡᠨ ᠠᠪᠬᠤ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ | ᠰᠤᠷᠪᠤᠯᠵᠢ ᠶᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠪᠠᠷ ᠪᠠᠶᠢᠭᠤᠯᠬᠤ ᠪᠠᠲᠤᠯᠠᠭ᠎ᠠ ᠶᠢᠨ | ᠴᠢᠨᠠᠷᠲᠠᠶ ᠲᠣᠣᠷ ᠲᠤ ᠨᠡᠶᠢᠯᠡᠭᠦᠯᠬᠦ ᠵᠦᠢᠯᠡᠰ ᠪᠠ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠰᠤᠷᠪᠤᠯᠵᠢ ᠶᠢ | ᠰᠢᠩᠭᠡᠭᠡᠨ ᠠᠪᠬᠤ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠠᠬᠢᠯᠭᠠᠨ ᠤ ᠲᠣᠣᠷ ᠤᠨ | ᠤᠷᠬᠢᠯ ᠤᠨ ᠬᠡᠮᠵᠢᠶ᠎ᠡ ᠶᠢ ᠲᠣᠬᠢᠷᠠᠭᠤᠯᠬᠤ ᠣᠷᠣᠨ ᠵᠠᠶ ᠶᠢ ᠭᠠᠷᠭᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢ | ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠵᠢᠯ ᠳᠤ ᠰᠢᠨ᠎ᠡ ᠪᠠᠷ ᠨᠡᠮᠡᠭᠳᠡᠭᠦᠯᠬᠦ ᠰᠢᠨ᠎ᠡ ᠡᠨᠧᠷᠭᠢ ᠶᠢᠨ | ᠰᠤᠷᠪᠤᠯᠵᠢ ᠶᠢ ᠲᠣᠣᠷ ᠲᠤ ᠨᠡᠶᠢᠯᠡᠭᠦᠯᠬᠦ ᠬᠡᠪᠴᠢᠶ᠎ᠡ ᠶᠢ 390 ᠲᠦᠮᠡᠨ ᠺᠢᠯᠣᠸᠠᠲ ᠠᠴᠠ ᠳᠡᠭᠡᠭᠰᠢ ᠳᠤ ᠬᠦᠷᠭᠡᠬᠦ ᠪᠠᠷ | ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 5. ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠰᠦ ᠵᠢᠨᠦᠢᠯᠡᠰ ᠤᠨ ᠬᠥᠭᠵᠢᠯᠲᠡ ᠶᠢᠨ ︽ | ᠳᠡᠳ᠋ ᠲᠥᠪ︾ ᠢ ᠬᠦᠴᠦᠯᠡᠨ ᠪᠠᠶᠢᠭᠤᠯᠵᠤ᠂ ᠰᠠᠭᠠᠯᠢ ᠶᠢᠨ ᠦᠨᠢᠶ᠎ᠡ ᠶᠢᠨ ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠶ ᠶᠢ 8 ᠪᠠᠶᠢᠭᠤᠯᠤᠨ᠎ᠠ᠃ ᠡᠭᠦᠨ ᠳᠤ᠂ 5 ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠪᠠ᠃ ᠰᠠᠭᠠᠯᠢ ᠶᠢᠨ ᠦᠨᠢᠶ᠎ᠡ ᠶᠢᠨ ᠡᠭᠦᠯᠳᠡᠷ | ᠪᠤᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠥᠷᠨᠢᠭᠦᠯᠵᠦ᠂ 5900 ᠠᠴᠠ ᠳᠡᠭᠡᠭᠰᠢ ᠪᠡᠯᠭᠡ ᠶᠢᠨ | ᠡᠵᠡᠮᠳᠡᠯ ᠲᠠᠢ ᠬᠦᠪᠦᠷᠡᠯ ᠢ ᠳᠡᠯᠭᠡᠷᠡᠭᠦᠯᠦᠨ ᠬᠡᠷᠡᠭᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠰᠠᠭᠠᠯᠢ ᠵᠢᠨᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ ᠪᠥᠬᠦ ᠰᠢᠶᠠᠨ ᠢᠶᠠᠷ ᠢᠶᠠᠨ | ᠠᠬᠢᠭᠤᠯᠬᠤ ᠲᠥᠷᠥᠯ ᠵᠦᠢᠯ ᠢ ᠥᠷᠨᠢᠭᠦᠯᠬᠦ ᠶᠢ ᠳᠡᠮᠵᠢᠨ᠎ᠡ᠃ 2023 ᠣᠨ ᠳᠤ ᠪᠥᠬᠦ ᠠᠶᠢᠮᠠᠭ ᠤᠨ ᠰᠢᠨ᠎ᠡ ᠪᠠᠷ | ᠨᠡᠮᠡᠭᠳᠡᠭᠰᠡᠨ ᠰᠠᠭᠠᠯᠢ ᠶᠢᠨ ᠦᠨᠢᠶ᠎ᠡ 4 ᠲᠦᠮᠡ ᠪᠠᠶᠢᠵᠤ᠂ ᠰᠠᠭᠠᠯᠢ ᠶᠢᠨ ᠦᠨᠢᠶ᠎ᠡ ᠶᠢᠨ ᠲᠤᠭ᠎ᠠ 24 ᠲᠦᠮᠡ ᠳᠤ | ᠬᠦᠷᠴᠦ᠂ ᠰᠠᠭᠠᠯᠢ ᠶᠢᠨ ᠭᠠᠷᠤᠯᠲᠠ 70 ᠲᠦᠮᠡᠨ ᠲᠣᠨ ᠠᠴᠠ ᠳᠡᠭᠡᠭᠰᠢ ᠳᠤ ᠬᠦᠷᠴᠡᠶ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | 6. ᠬᠤᠯᠪᠣᠭᠳᠠᠯ ᠪᠥᠬᠦᠢ ᠬᠤᠰᠢᠭᠤ ᠰᠢᠶᠠᠨ ᠬᠤᠳᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠪᠠᠶᠢᠭᠠᠳ | ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ | ᠤᠨ ᠬᠦᠷᠢᠶᠡᠯᠡᠩ ᠶᠢ ᠰᠢᠨ᠎ᠡ ᠪᠠᠷ ᠡᠭᠦᠳᠦᠨ ᠪᠠᠶᠢᠭᠤᠯᠬᠤ ᠪᠠᠷ ᠭᠤᠶᠤᠴᠢᠯᠠᠭᠤᠯᠤᠨ᠎ᠠ᠃ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠪᠣᠯᠤᠨ ᠤᠯᠠᠭᠠᠨᠬᠤᠲᠠ ᠶᠢᠨ ᠲᠣᠭᠤᠷᠢᠭ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠠᠵᠤᠦᠢᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠰᠠᠶᠢᠲᠤᠷ ᠬᠤᠯᠪᠣᠭᠳᠠᠯ ᠪᠥᠬᠦᠶ ᠬᠤᠰᠢᠭᠤ ᠰᠢᠶᠠᠨ | ᠬᠤᠲᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠪᠠᠷ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ᠂ ᠵᠠᠯᠠᠶᠢᠳ ᠬᠤᠰᠢᠭᠤᠨ ᠤ ᠡᠪᠡᠰᠦ ᠪᠣᠷᠳᠤᠭ᠎ᠠ ᠶᠢ ᠲᠥᠪᠯᠡᠷᠡᠭᠦᠯᠦᠨ ᠲᠠᠷᠬᠠᠭᠠᠬᠤ ᠲᠥᠪ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠢᠩᠭᠠᠨ ᠠᠶᠢᠮᠠᠭ ᠤᠨ ᠵᠠᠬᠢᠷᠭ᠎ᠠ ᠶᠢᠨ | ᠬᠢᠩᠭᠠᠨ ᠠᠶᠢᠮᠠᠭ ᠤᠨ 2022 ᠣᠨ ᠳᠤ ᠬᠢᠩᠭᠠᠨ ᠠᠶᠢᠮᠠᠭ ᠤᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠪᠠ | ᠠᠯᠠᠰᠢᠨ ᠦᠬᠡᠷ ᠠᠯᠠᠰᠢᠨ ᠬᠤᠨᠢ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠲᠣᠳᠣᠷᠬᠠᠶ ᠬᠠᠭᠤᠳᠠᠰᠤ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ︵ ᠬᠢᠩᠭᠠᠨ ᠵᠠᠬᠢᠷᠭ᠎ᠠ ᠥᠰᠥᠭ ︹ 2022 ︺ 111 ᠳ᠋ᠦ᠋ᠭᠡᠷ ᠲᠣᠭᠠᠲᠤ︶ ᠢ ᠪᠥᠬᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠎ᠠ᠃ 120 ᠲᠦᠮᠡᠨ ᠮᠥ ᠶᠢᠨ ᠪᠦᠬᠦᠯᠢ ᠰᠠᠭᠤᠷᠢ ᠬᠥᠬᠡ ᠳᠠᠷᠤᠰᠢ ᠶᠢᠨ | ᠡᠷᠳᠡᠨᠢ ᠰᠢᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ 16 | ᠲᠦᠮᠡᠨ ᠮᠥ ᠶᠢᠨ ᠴᠢᠨᠠᠷ ᠰᠠᠶᠢᠲᠠᠶ ᠲᠡᠵᠢᠭᠡᠯ ᠡᠪᠡᠰᠦ ᠨᠣᠬᠠᠶ ᠶᠢᠨ ᠬᠤᠰᠢᠭᠤ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠵᠤ᠂ 20 ᠲᠦᠮᠡᠨ ᠮᠥ ᠶᠢᠨ ᠬᠤᠨᠢᠨ ᠡᠪᠡᠰᠦ ᠶᠢ ᠬᠥᠮᠦᠨ ᠤ ᠬᠦᠴᠦ ᠪᠠᠷ ᠳᠠᠷᠢᠬᠤ | ᠪᠠ 2 ᠲᠦᠮᠡᠨ ᠮᠥ ᠶᠢᠨ ᠴᠠᠷᠭᠠᠰᠤ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ | ᠠᠬᠢᠭᠤᠯᠤᠨ᠎ᠠ᠃ ᠵᠢᠯ ᠤᠨ ᠳᠣᠲᠣᠷ᠎ᠠ ᠠᠶᠢᠮᠠᠭ ᠤᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ | ᠦᠶᠢᠯᠡᠰᠵᠢᠯᠲᠡ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 4 ᠠᠴᠠ ᠳᠡᠭᠡᠭᠰᠢ ᠰᠢᠨ᠎ᠡ ᠪᠠᠷ ᠮᠠᠭᠠᠳᠯᠠᠨ | ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ | ᠴᠣᠭᠴᠠ ᠶᠢ 3 ᠠᠴᠠ ᠳᠡᠭᠡᠭᠰᠢ ︵ᠲᠦᠷᠦᠭᠦᠯᠡᠬᠦ ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ︶ | 7. ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ | ᠪᠤᠶᠢᠵᠢᠭᠤᠯᠬᠤ ᠲᠣᠮᠣ ᠰᠢᠶᠠᠨ ᠪᠠᠶᠢᠭᠤᠯᠬᠤ ᠶᠢ ᠳᠥᠯᠭᠢᠨ ᠠᠬᠢᠭᠤᠯᠵᠤ᠂ ᠪᠥᠬᠦ ᠠᠶᠢᠮᠠᠭ ᠤᠨ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ 4 ᠲᠦᠮᠡᠨ ᠮᠥ ᠳᠤ ᠲᠣᠭᠲᠠᠪᠤᠷᠢᠵᠢᠭᠤᠯᠵᠤ᠂ 8 | ᠲᠠᠷᠢᠶᠠᠨ ᠦᠷ᠎ᠡ ᠰᠣᠩᠭᠤᠬᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠲᠦᠷᠦᠭᠦᠯᠡᠬᠦ ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | 8. ᠲᠣᠭᠠᠴᠢᠯᠠᠭᠰᠠᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠬᠦ ᠶᠢ ᠲᠦᠷᠭᠡᠳᠬᠡᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠠᠴᠢᠯᠠᠭᠰᠠᠨ ᠠᠵᠤ | ᠠᠬᠤᠶ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠤᠨ ᠲᠤᠬᠠᠶ ᠮᠡᠳᠡᠭᠳᠡᠯ︾ | ︵ᠥᠪᠥᠷ ᠵᠠᠰᠠᠭ ᠲᠠᠷᠬᠠᠭᠠᠭᠰᠠᠨ ︹ 2022 ︺ 33 ᠳ᠋ᠤᠭᠠᠷ ᠲᠣᠭᠠᠲᠤ︶ ᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠢᠩᠭᠠᠨ ᠠᠶᠢᠮᠠᠭ ᠤᠨ ᠲᠣᠭᠠᠴᠢᠯᠠᠭᠰᠠᠨ ᠠᠵᠤ ᠦᠢᠯᠡᠰ ᠤᠨ ᠲᠣᠭᠠᠴᠢᠯᠠᠭᠰᠠᠨ ᠠᠵᠤ | ᠦᠢᠯᠡᠰ ᠢ ᠠᠬᠢᠭᠤᠯᠬᠤ ᠠᠵᠢᠯᠯᠠᠭ᠎ᠠ ᠶᠢᠨ ᠲᠥᠰᠦᠯ ︵2021 — 2023︶︾ ︵ᠬᠢᠩᠭᠠᠨ ᠲᠣᠤᠷ ᠵᠥᠪᠯᠡᠯ | ᠲᠠᠷᠬᠠᠭᠠᠭᠰᠠᠨ ︹ 2022 ︺ 4 ᠳ᠋ᠦ᠋ᠭᠡᠷ ᠲᠣᠭᠠᠲᠤ︶ ᠢ ᠦᠷᠭᠦᠯᠵᠢᠯᠡᠨ ᠠᠬᠢᠭᠤᠯᠵᠤ᠂ ᠲᠥᠷᠥᠯ ᠵᠦᠢᠯ ᠤᠨ | ᠨᠥᠭᠡᠴᠡᠯᠡᠯᠲᠡ ᠶᠢ ᠢᠳᠡᠪᠬᠢᠲᠡᠶ ᠥᠷᠨᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 9. ᠷᠠᠰᠢᠶᠠᠨ ᠤ ᠬᠠᠯᠠᠭᠤᠨ ᠷᠠᠰᠢᠶᠠᠨ ᠵᠡᠭᠡᠯᠢ ᠶᠢᠨ ᠤᠯᠤᠰ ᠤᠨ ᠳᠡᠰ ᠤᠨ ᠰᠥᠨᠢ ᠶᠢᠨ ᠰᠣᠶᠣᠯ ᠪᠠ | ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠤᠲᠠᠨ ᠳᠠᠬᠢ ᠲᠠᠯ᠎ᠠ ᠨᠤᠲᠤᠭ ᠤᠨ ᠰᠥᠨᠢ ᠶᠢᠨ ᠪᠤᠰᠤ ᠵᠡᠭᠡᠯᠢ ᠳᠤ ᠥᠪᠡᠷᠲᠡᠭᠡᠨ | ᠵᠠᠰᠠᠬᠤ ᠣᠷᠣᠨ ᠤ ᠳᠡᠰ ᠤᠨ ᠰᠥᠨᠢ ᠶᠢᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠴᠤᠭᠯᠠᠷᠠᠯ ᠤᠨ ᠲᠣᠭᠤᠷᠢᠭ ᠢ | ᠡᠭᠦᠳᠦᠨ ᠪᠠᠶᠢᠭᠤᠯᠬᠤ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠥᠪᠡᠷᠲᠡᠭᠡᠨ | ᠵᠠᠰᠠᠬᠤ ᠣᠷᠣᠨ ᠤ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠬᠤ ᠪᠠ | ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠨᠡᠷᠡᠰ ᠲᠤ | ᠣᠷᠣᠭᠤᠯᠬᠤ ᠶᠢ ᠠᠬᠢᠭᠤᠯᠵᠤ᠂ ᠤᠯᠠᠭᠠᠨᠬᠤᠲᠠ ᠶᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠠᠰ ᠤᠨ | ᠰᠣᠶᠣᠯ ᠤᠨ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠬᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠤᠷᠰᠢᠯᠲᠠ ᠶᠢᠨ ᠨᠡᠷᠡᠰ ᠲᠤ ᠣᠷᠣᠭᠤᠯᠬᠤ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︶ | 10. ᠵᠢᠭᠤᠯᠴᠢᠯᠠᠯ ᠤᠨ ᠦᠢᠯᠡᠳᠭᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠷᠠᠰᠢᠶᠠᠨ ᠤ ᠵᠢᠭᠤᠯᠴᠢᠯᠠᠯ | ᠠᠮᠠᠷᠠᠯᠲᠠ ᠶᠢᠨ ᠣᠷᠣᠨ ᠢ ᠢᠳᠡᠪᠬᠢᠲᠡᠶ ᠪᠠᠷ ᠴᠣᠭᠴᠠᠯᠠᠨ ᠪᠠᠶᠢᠭᠤᠯᠵᠤ᠂ ᠮᠥᠰᠥ ᠴᠠᠰᠤᠨ ᠤ ᠵᠢᠭᠤᠯᠴᠢᠯᠠᠯ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠶᠢ | ᠠᠬᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠪᠠ ᠣᠳᠣᠨ | ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢ ᠴᠣᠭᠴᠠᠯᠠᠨ ᠪᠠᠶᠢᠭᠤᠯᠬᠤ ᠶᠢ | ᠴᠢᠩᠭᠠᠳᠬᠠᠨ᠎ᠠ ᠷᠠᠰᠢᠶᠠᠨ ᠤ ᠬᠤᠷᠴᠠ ᠤᠯᠠᠭᠠᠨ ᠴᠡᠴᠡᠭ ᠤᠨ ᠪᠠᠶᠠᠷ᠂ ᠬᠢᠩᠭᠠᠨ ᠠᠶᠢᠮᠠᠭ ᠤᠨ ᠨᠠᠭᠠᠳᠤᠮ᠂ | ᠪᠠᠲᠤᠴᠠᠭᠠᠨ ᠤ ᠵᠢᠭᠤᠯᠴᠢᠯᠠᠯ ᠤᠨ ᠪᠠᠶᠠᠷ᠂ ᠷᠠᠰᠢᠶᠠᠨ ᠤ ᠮᠥᠰᠥ ᠴᠠᠰᠤᠨ ᠤ ᠪᠠᠶᠠᠷ᠂ ᠳᠤᠮᠳᠠᠳᠤ ᠤᠯᠤᠰ ︵ᠷᠠᠰᠢᠶᠠᠨ | ︶ ᠤᠨ ᠵᠢᠭᠤᠯᠴᠢᠯᠠᠯ ᠤᠨ ᠶᠡᠭᠡ ᠬᠤᠷᠠᠯ ᠵᠡᠷᠭᠡ ᠵᠢᠭᠤᠯᠴᠢᠯᠠᠯ ᠤᠨ ᠠᠵᠢᠯᠯᠠᠭ᠎ᠠ ᠶᠢ ᠢᠳᠡᠪᠬᠢᠲᠡᠶ ᠡᠷᠭᠢᠯᠡᠨ᠎ᠡ᠃ ᠥᠪᠥᠷ | ᠮᠣᠩᠭᠤᠯ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠬᠢᠭᠡᠳ ᠬᠢᠩᠭᠠᠨ ᠠᠶᠢᠮᠠᠭ ᠤᠨ | ᠰᠣᠶᠣᠯ ᠵᠢᠭᠤᠯᠴᠢᠯᠠᠯ ᠤᠨ ᠺᠣᠮᠫᠠᠨᠢ ᠶᠢᠨ ᠬᠤᠯᠪᠣᠭᠠᠯᠠᠨ ᠬᠥᠳᠡᠯᠦᠯᠴᠡᠵᠦ ᠬᠥᠭᠵᠢᠬᠦ ᠶᠢ ᠠᠬᠢᠭᠤᠯᠵᠤ᠂ ᠶᠢᠨ ᠵᠢᠶᠠᠩ | ᠭᠧᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ︵ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︶ | 11᠂ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠷᠠᠰᠢᠶᠠᠨ | ᠬᠤᠲᠠ ᠶᠢᠨ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠬᠤᠯᠪᠤᠭ᠎ᠠ ᠰᠣᠶᠣᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠠᠯᠲᠠᠨ ᠡᠮᠡᠭᠡᠯ ᠤᠨ ᠦᠵᠡᠮᠵᠢ ᠶᠢᠨ ᠣᠷᠣᠨ᠂ ᠪᠠᠶᠠᠨᠲᠠᠯ᠎ᠠ ᠭᠤᠤᠯ ᠤᠨ ᠬᠥᠨᠳᠡᠶ ᠶᠢᠨ ᠨᠢᠭᠤᠴᠠ ᠣᠷᠴᠢᠨ ᠤ | ᠵᠢᠭᠤᠯᠴᠢᠯᠠᠯ ᠤᠨ ᠦᠵᠡᠮᠵᠢ ᠶᠢᠨ ᠣᠷᠣᠨ᠂ ᠷᠠᠰᠢᠶᠠᠨ ᠪᠣᠭᠤᠮᠲᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ | ᠵᠡᠷᠭᠡ A ᠲᠠᠰ ᠤᠨ ᠦᠵᠡᠮᠵᠢ ᠶᠢᠨ ᠣᠷᠣᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ | ᠢᠳᠡᠪᠬᠢᠲᠡᠶ ᠠᠬᠢᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ︶ | 12᠂ ᠪᠣᠬᠢᠷᠲᠤᠯ ᠥᠬᠡᠶ ᠤᠨᠴᠠᠯᠢᠭᠳᠤ ᠳᠠᠪᠠᠭᠤᠯᠢᠭ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠦᠢᠯᠡᠴᠢᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ︽ᠨᠢᠭᠡ ᠥᠷᠲᠡᠭᠡ | ᠮᠠᠶ᠋ᠢᠭ︾ ᠤᠨ ᠦᠢᠯᠡᠴᠢᠯᠡᠭᠡ ᠶᠢ ᠠᠬᠢᠭᠤᠯᠵᠤ᠂ ᠮᠠᠨ ᠤ ᠠᠶᠢᠮᠠᠭ ᠤᠨ ᠠᠯᠠᠰᠢᠨ ᠦᠬᠡᠷ ᠵᠡᠷᠭᠡ ᠤᠨᠴᠠᠯᠢᠬᠳᠤ ᠠᠵᠤ | ᠦᠢᠯᠡᠰ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠮᠡᠷᠭᠡᠵᠢᠯ ᠤᠨ ᠪᠠᠶᠢᠭᠤᠯᠤᠮᠵᠢ ᠶᠢᠨ ᠳᠠᠪᠠᠭᠤᠯᠢᠭ ᠢ ᠠᠰᠢᠭᠯᠠᠨ ᠨᠠᠷᠢᠯᠢᠭ ᠣᠨᠣᠴᠠᠲᠠᠶ ᠦᠢᠯᠡᠴᠢᠯᠡᠭᠡ | ᠬᠠᠩᠭᠠᠬᠤ ᠶᠢ ᠵᠣᠬᠢᠴᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠤᠨ ᠪᠦᠬᠦᠯᠢ ᠴᠣᠭᠴᠠ ᠶᠢᠨ | ᠳᠡᠭᠡᠭᠰᠢᠯᠡᠯᠲᠡ ᠶᠢ ᠠᠬᠢᠭᠤᠯᠤᠨ᠎ᠠ᠃ ᠪᠠᠷᠢᠮᠵᠢᠶᠠᠵᠢᠭᠤᠯᠬᠤ ᠠᠵᠢᠯ ᠢ ᠠᠬᠢᠭᠤᠯᠵᠤ᠂ ᠬᠢᠩᠭᠠᠨ ᠠᠶᠢᠮᠠᠭ ᠤᠨ ᠮᠣᠩᠭᠤᠯ | ᠬᠠᠳᠬᠤᠮᠠᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠪᠠᠷᠢᠮᠵᠢᠶ᠎ᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ ᠬᠡᠮᠵᠢᠯᠲᠡ ᠶᠢᠨ ᠠᠵᠢᠯ ᠢ | ᠴᠢᠩᠭᠠᠳᠬᠠᠨ᠎ᠠ᠃ ᠨᠡᠭᠦᠷᠡᠰᠦᠲᠥ᠋ᠷᠥᠭᠴᠢ ᠳᠤ ᠬᠥᠷᠬᠦ ᠣᠷᠭᠢᠯ ᠨᠡᠭᠦᠷᠡᠰᠦᠲᠥ᠋ᠷᠥᠭᠴᠢ ᠶᠢᠨ ᠳᠤᠮᠳᠠ ᠪᠠ ᠰᠦᠯᠵᠢᠶᠡᠨ | ᠳᠡᠭᠡᠷᠡᠬᠢ ᠬᠢᠨᠠᠨ ᠬᠡᠮᠵᠢᠬᠦ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ | ᠠᠬᠤᠶᠢᠯᠠᠯ ᠤᠨ ᠡᠨᠧᠷᠭᠢ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠢ ᠳᠣᠭᠢᠷᠠᠭᠤᠯᠬᠤ ᠪᠠ ᠬᠡᠷᠡᠭᠯᠡᠬᠦ᠂ ᠡᠨᠧᠷᠭᠢ ᠶᠢᠨ | ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠵᠢᠯᠣᠭᠤᠳᠣᠯᠭ᠎ᠠ ᠪᠣᠯᠪᠠᠰᠤᠷᠠᠭᠤᠯᠤᠯ ᠢ ᠴᠢᠩᠭᠠᠳᠬᠠᠨ᠎ᠠ᠃ | ᠡᠨᠧᠷᠭᠢ ᠬᠡᠷᠡᠭᠯᠡᠬᠦ ᠠᠵᠤ ᠠᠬᠤᠶᠢᠯᠠᠯ ᠪᠣᠯᠤᠨ ᠴᠠᠭᠠᠨ ᠢᠳᠡᠭᠡᠨ ᠤ ᠬᠠᠮᠢᠶ᠎ᠠ ᠪᠥᠬᠦᠢ ᠠᠵᠤ ᠠᠬᠤᠶᠢᠯᠠᠯ ᠳᠤ | ᠬᠡᠮᠵᠢᠯᠲᠡ ᠶᠢᠨ ᠬᠠᠪᠰᠤᠷᠤᠨ ᠲᠡᠳᠬᠦᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠰᠦᠢᠳᠬᠡᠯ ᠬᠤᠷᠢᠶᠠᠬᠤ | ᠥᠭᠡᠢ ᠪᠠᠷ ᠰᠢᠯᠭᠠᠨ ᠲᠣᠭᠲᠠᠭᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠲᠡᠭᠦᠨ ᠢ ᠵᠢᠯᠣᠭᠤᠳᠤᠨ ᠵᠣᠬᠢᠴᠠᠩᠭᠤᠶ | ᠬᠡᠮᠵᠢᠯᠲᠡ ᠶᠢᠨ ᠬᠠᠮᠢᠶᠠᠷᠤᠯᠲᠠ ᠶᠢᠨ ᠲᠥᠷᠢᠮ ᠢᠪᠠᠶᠢᠭᠤᠯᠬᠤ ᠬᠡᠷᠡᠭᠲᠡᠶ᠃ ᠮᠠᠨ ᠤ ᠠᠶᠢᠮᠠᠭ ᠤᠨ ᠣᠨᠴᠠᠯᠢᠭ ᠲᠠᠢ | ᠳᠠᠪᠠᠭᠤᠯᠢᠭ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠢ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠦᠨ᠎ᠡ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠬᠤᠶᠠᠷ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠬᠡᠷᠡᠭᠲᠡᠶ | 13᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠵᠠᠰᠠᠭ ᠤᠨ ᠣᠷᠳᠣᠨ ᠤ | ᠠᠯᠪᠠᠨ ᠲᠢᠩᠬᠢᠮ ᠤᠨ ︿ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ | ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠲᠥᠰᠦᠯ ︵2023 — 2025 ᠣᠨ︶﹀ ᠢ ᠠᠬᠢᠭᠤᠯᠬᠤ ᠲᠤᠬᠠᠶ | ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹ 2023 ︺ 7 ᠳ᠋ᠤᠭᠠᠷ ᠲᠣᠭᠠᠲᠤ︶ ᠤᠨ ᠭᠤᠤᠯ | ᠡᠭᠦᠷᠭᠡ ᠶᠢ ᠨᠠᠶᠢᠳᠠᠪᠤᠷᠢᠵᠢᠭᠤᠯᠤᠨ᠎ᠠ᠃ ︽ᠨᠢᠭᠡ ᠰᠢᠶᠠᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ | ᠂ ᠡᠯ᠎ᠡ ᠬᠤᠰᠢᠭᠤ ᠰᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ | ᠰᠢᠶᠠᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ᠂ | ᠴᠢᠬᠤᠯᠠ ᠶᠡᠭᠡ ᠢᠨᠵᠧᠨᠧᠷᠢᠩ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠴᠢᠬᠤᠯᠠ ᠶᠡᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠠᠷᠢᠨ ᠬᠠᠭᠤᠳᠠᠰᠤ ᠶᠢ ᠲᠣᠭᠲᠠᠭᠠᠨ᠎ᠠ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 14᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ | ᠭᠤᠸᠠᠩᠳᠦ᠋ᠩ ᠶᠢᠨ ᠴᠥᠮ᠎ᠡ ᠶᠢᠨ ᠴᠠᠬᠢᠯᠭᠠᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠵᠢᠯ ᠤᠨ | ᠳᠣᠲᠣᠷ᠎ᠠ ᠪᠦᠬᠦᠨ ᠢ ᠪᠠᠶᠢᠭᠤᠯᠵᠤ ᠳᠠᠭᠤᠰᠬᠠᠬᠤ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 15᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠠᠶᠢᠮᠠᠭ ᠤᠨ 6 ᠠᠵᠤ ᠦᠢᠯᠡᠰ ᠤᠨ ᠬᠦᠷᠢᠶᠡᠯᠡᠩ ᠪᠥᠬᠦ ᠵᠢᠯ ᠳᠤ ᠤᠰᠤ | ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ ᠢ 35 ᠺᠢᠯᠣᠮᠧᠲᠷ᠂ ᠰᠢᠲᠠᠮᠠᠬᠠᠶ ᠬᠡᠶ ᠶᠢᠨ ᠬᠤᠭᠤᠯᠠᠶ ᠶᠢᠨ | ᠲᠣᠤᠷ ᠢ 1.6 ᠺᠢᠯᠣᠮᠧᠲᠷ ᠪᠥᠲᠥᠭᠡᠨ ᠪᠠᠶᠢᠭᠤᠯᠵᠤ᠂ ᠪᠠᠷᠢᠮᠵᠢᠶᠠᠲᠤ ᠦᠢᠯᠡᠳᠪᠦᠷᠢ ᠶᠢᠨ ᠬᠡᠷ ᠪᠠᠶᠢᠰᠢᠩ ᠢ 6 | ᠲᠦᠮᠡᠨ ᠲᠡᠭᠰᠢ ᠳᠥᠷᠪᠡᠯᠵᠢᠨ ᠮᠧᠲᠷ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ 2023 ᠣᠨ ᠤ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ | ᠲᠤᠰᠬᠠᠶ ᠪᠠᠯᠠ ᠮᠥᠩᠭᠦ ᠶᠢ ᠢᠳᠡᠪᠬᠢᠲᠡᠶ ᠪᠠᠷ ᠭᠤᠶᠤᠴᠢᠯᠠᠵᠤ᠂ ᠠᠶᠢᠮᠠᠭ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠤᠷ᠂ ᠪᠣᠷᠣᠭᠠᠨ ᠤ | ᠤᠰᠤᠨ ᠤ ᠬᠤᠭᠤᠯᠠᠶ ᠶᠢᠨ ᠲᠣᠤᠷ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ ᠵᠡᠷᠭᠡ 6 ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠳᠤ ᠳᠡᠮᠵᠢᠯᠭᠡ ᠣᠯᠭᠤᠬᠤ ᠪᠠᠷ ᠴᠢᠷᠮᠠᠶᠢᠨ᠎ᠠ᠃ ᠤᠶᠤᠨᠲᠤ ᠬᠦᠷᠢᠶᠡᠯᠡᠩ | ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠶᠤᠨᠲᠤ | ᠬᠦᠷᠢᠶᠡᠯᠡᠩ ᠲᠣᠭᠤᠷᠢᠭ ᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠵᠢᠯ ᠤᠨ ᠡᠴᠦᠰ ᠲᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠥ ᠪᠦᠷᠢ ᠶᠢᠨ ᠳᠤᠮᠳᠠᠴᠢ ᠪᠠᠯᠠ ᠣᠷᠣᠭᠤᠯᠤᠯᠲᠠ ᠶᠢ 80 | ᠲᠦᠮᠡᠨ ᠲᠥᠭᠦᠷᠢᠭ ᠣᠷᠴᠢᠮ ᠳᠤ ᠬᠦᠷᠦᠭᠦᠯᠬᠦ ᠪᠠᠷ ᠴᠢᠷᠮᠠᠶᠢᠵᠤ᠂ ᠮᠥ ᠪᠦᠷᠢ ᠶᠢᠨ ᠳᠤᠮᠳᠠᠴᠢ ᠦᠢᠯᠡᠳᠭᠦᠨ ᠤ | ᠥᠷᠲᠡᠭ ᠢ 33 ᠲᠦᠮᠡᠨ ᠲᠥᠭᠦᠷᠢᠭ ᠣᠷᠴᠢᠮ ᠳᠤ ᠬᠦᠷᠦᠭᠦᠯᠬᠦ ᠪᠠᠷ ᠴᠢᠷᠮᠠᠶᠢᠵᠤ᠂ ᠵᠠᠭᠤᠨ ᠳ᠋ᠦᠩᠰᠢᠭᠤᠷ | ᠬᠦᠷᠢᠶᠡᠯᠡᠩ ᠲᠣᠭᠤᠷᠢᠭ ᠢ 1 ᠪᠣᠯᠭᠠᠬᠤ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 16᠂ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠵᠦ᠂ ᠪᠥᠬᠦ ᠵᠢᠯ ᠳᠤ ᠪᠡᠯᠡᠳᠭᠡᠮᠵᠢᠳᠤ | ᠲᠠᠷᠢᠶᠠᠯᠠᠩ ᠤᠨ ᠲᠠᠯᠠᠪᠠᠶ ᠶᠢ 0.33 ᠲᠦᠮᠡᠨ ᠮᠥ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠶᠡᠷᠦᠩᠬᠡᠶ | ᠲᠠᠯᠠᠪᠠᠶ ᠶᠢ 3.63 ᠲᠦᠮᠡᠨ ᠮᠥ ᠳᠤ ᠬᠦᠷᠦᠭᠦᠯᠦᠨ᠎ᠡ᠃ ᠮᠢᠩᠭᠠᠨ ᠮᠤ᠋ ᠤᠳᠤ ᠦᠶ᠎ᠡ ᠶᠢᠨ ᠲᠦᠬᠦᠭᠡᠷᠦᠮᠵᠢᠳᠤ | ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ 4 ᠪᠠᠶᠢᠭᠤᠯᠵᠤ᠂ 1540 ᠬᠦᠯᠡᠮᠵᠢ ᠶᠢ | ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠲᠡᠵᠢᠭᠡᠨ ᠦᠷᠡᠵᠢᠭᠦᠯᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ | 63᠂ ᠠᠯᠠᠰᠢᠨ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ 73 ᠶᠢ ᠡᠭᠦᠳᠦᠨ ᠪᠠᠶᠢᠭᠤᠯᠵᠤ᠂ | ᠦᠬᠡᠷ ᠬᠤᠨᠢᠨ ᠤ ᠮᠢᠬᠠᠨ ᠤ ᠭᠠᠷᠤᠯᠲᠠ ᠶᠢᠨ ᠬᠡᠮᠵᠢᠶ᠎ᠡ ᠶᠢ ᠲᠣᠰ ᠲᠣᠰ 6.5 ᠲᠦᠮᠡᠨ ᠲᠣᠨ᠂ 14 ᠲᠦᠮᠡᠨ | ᠲᠣᠨ ᠳᠤ ᠬᠦᠷᠦᠭᠦᠯᠬᠦ ᠶᠢ ᠳᠥᠯᠭᠢᠨ ᠠᠬᠢᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ︶ | 17. ᠬᠤᠸᠠ ᠨᠧᠩ ᠤᠨ 100 ᠲᠦᠮᠡᠨ ᠺᠢᠯᠣᠸᠠᠲ ᠤᠨ ᠪᠤᠬᠢᠷᠳᠦᠯ ᠦᠭᠡᠢ ᠤᠰᠤᠲᠥ᠋ᠷᠥᠭᠴᠢ ᠶᠢ ᠨᠢᠭᠡ | ᠴᠤᠭᠴᠠᠵᠢᠭᠤᠯᠬᠤ ᠪᠠ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ 200 ᠲᠦᠮᠡᠨ ᠺᠢᠯᠣᠸᠠᠲ ᠤᠨ ᠪᠣᠬᠢᠷᠲᠤᠯ | ᠥᠬᠡᠶ ᠮᠧᠲ᠋ᠢᠯ ᠠᠯᠺᠣᠣᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠢᠳᠡᠪᠬᠢᠲᠡᠶ ᠪᠠᠷ ᠬᠠᠪᠰᠤᠷᠴᠤ ᠪᠠᠶᠢᠭᠠᠳ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠦᠢᠴᠡᠳᠭᠡᠬᠦ ᠲᠤᠭ᠎ᠠ ᠶᠢ ᠴᠢᠷᠮᠠᠶᠢᠨ ᠣᠯᠵᠤ᠂ ᠡᠷᠲᠡᠬᠡᠨ | ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 18᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 — 6 ᠨᠡᠮᠡᠭᠳᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 10 — 15 ᠨᠡᠮᠡᠭᠳᠡᠭᠦᠯᠬᠦ ᠪᠠᠷ | ᠴᠢᠷᠮᠠᠶᠢᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ | ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠶᠢ ᠨᠠᠭᠠᠳᠤ ᠵᠠᠬ᠎ᠠ ᠳᠠᠭᠠᠨ 1 ᠰᠢᠨ᠎ᠡ ᠪᠠᠷ ᠨᠡᠮᠡᠭᠳᠡᠭᠦᠯᠵᠦ᠂ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠨᠠᠭᠠᠳᠤ ᠵᠠᠬ᠎ᠠ ᠳᠠᠭᠠᠨ | 30 ᠨᠡᠷ᠎ᠡ ᠰᠣᠩᠭᠤᠨ ᠲᠣᠮᠢᠯᠠᠵᠤ 100 ᠠᠴᠠ ᠳᠡᠭᠡᠭᠰᠢᠬᠢ ᠠᠵᠤ ᠠᠬᠤᠶᠢᠯᠠᠯ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠲᠣᠭᠲᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠬᠠᠮᠤᠷᠬᠤ | ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ︶ | 19. ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠣᠲᠣ ᠦᠶ᠎ᠡ ᠶᠢᠨ | ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠠᠷᠢᠭᠤᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠠᠵᠤ | ᠦᠢᠯᠡᠳᠪᠦᠷᠢ᠂ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠦᠢᠯᠡᠰ ᠪᠠ ᠤᠨᠴᠠᠯᠢᠬᠳᠤ ᠠᠷᠠᠯᠵᠢᠶ᠎ᠠ ᠬᠤᠳᠠᠯᠳᠤᠭ᠎ᠠ | ᠪᠠᠷᠠᠭᠠᠨ ᠤ ᠭᠦᠢᠯᠭᠡᠭᠡᠨ ᠤ ᠦᠢᠯᠡᠰ ᠵᠡᠷᠭᠡ ᠳᠥᠷᠪᠡᠨ ᠶᠡᠭᠡ ᠬᠡᠰᠡᠭ ᠢᠶᠠᠷ ᠭᠤᠤᠯᠯᠠᠭᠤᠯᠤᠨ᠂ ᠪᠡᠭᠡᠵᠢᠩ ᠲᠢᠶᠠᠨᠵᠢᠨ | ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ᠂ ᠱᠠᠨᠳᠦ᠋ᠩ ᠾᠧᠨᠠᠨ᠂ ᠳᠤᠮᠳᠠᠳᠤ ᠣᠷᠣᠨ᠂ ᠰᠧᠴᠤᠸᠠᠨ ᠴᠦᠩᠴᠢᠩ᠂ ᠵᠡᠭᠦᠨ ᠬᠤᠶᠢᠲᠤ ᠣᠷᠣᠨ᠂ | ᠪᠠᠷᠠᠭᠤᠨ ᠬᠤᠶᠢᠲᠤ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠬᠤᠳᠠᠯᠳᠤᠭᠠᠴᠢᠨ ᠤᠷᠢᠬᠤ ᠰᠢᠷᠢᠰ | ᠠᠵᠢᠯᠯᠠᠭ᠎ᠠ ᠶᠢ ᠥᠷᠨᠢᠭᠦᠯᠵᠦ᠂ ᠵᠢᠯ ᠤᠨ ᠳᠣᠲᠣᠷ᠎ᠠ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠠᠯᠠ | ᠮᠥᠩᠭᠦ ᠶᠢ 20% ᠪᠠᠷ ᠨᠡᠮᠡᠭᠳᠡᠭᠦᠯᠦᠨ᠂ ᠭᠠᠳᠠᠭᠠᠳᠤ ᠶᠢᠨ ᠪᠠᠯᠠ ᠮᠥᠩᠭᠦ ᠶᠢ 1 ᠳ᠋ᠦᠩᠰᠢᠭᠤᠷ ᠲᠥᠭᠦᠷᠢᠭ ᠲᠤ | ᠬᠦᠷᠭᠡᠨ᠎ᠡ᠃ ᠯᠠᠨᠵᠧᠤ ᠶᠢᠨ ᠵᠥᠪᠳᠡᠯᠴᠡᠬᠡᠷ ᠤᠨ ᠬᠤᠷᠠᠯ᠂ ᠰᠢᠶᠠ ᠶᠢᠨ ᠵᠥᠪᠳᠡᠯᠴᠡᠬᠡᠷ ᠤᠨ ᠬᠤᠷᠠᠯ᠂ ᠪᠠᠷᠠᠭᠤᠨ | ᠣᠷᠣᠨ ᠤ ᠦᠵᠡᠰᠬᠦᠯᠡᠩ ᠤᠨ ᠬᠤᠷᠠᠯ᠂ ᠲᠣᠷᠭᠠᠨ ᠨᠡᠬᠡᠮᠡᠯ ᠤᠨ ᠦᠵᠡᠰᠬᠦᠯᠡᠩ ᠤᠨ ᠬᠤᠷᠠᠯ ᠵᠡᠷᠭᠡ ᠡᠯ᠎ᠡ ᠲᠥᠷᠥᠯ ᠤᠨ | ᠳᠡᠯᠭᠡᠨ ᠦᠵᠡᠭᠦᠯᠦᠯᠭᠡ ᠶᠢᠨ ᠵᠥᠪᠳᠡᠯᠴᠡᠬᠡᠷ ᠤᠨ ᠬᠤᠷᠠᠯ ᠤᠨ ᠲᠠᠪᠴᠠᠩ ᠢ ᠭᠦᠢᠴᠡᠳ ᠰᠠᠶᠢᠲᠤᠷ ᠬᠡᠷᠡᠭᠯᠡᠵᠦ᠂ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠦᠴᠦᠨ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠪᠡᠭᠡᠵᠢᠩ ᠳᠤ ᠰᠠᠭᠤᠭ᠎ᠠ ᠠᠯᠪᠠᠨ ᠬᠡᠷ | ᠂ ᠱᠠᠩᠬᠠᠶ ᠳᠤ ᠰᠠᠭᠤᠭ᠎ᠠ ᠠᠯᠪᠠᠨ ᠬᠡᠷ᠂ ᠱᠧᠨᠵᠧᠨ ᠳᠤ ᠰᠠᠭᠤᠭ᠎ᠠ ᠠᠯᠪᠠᠨ ᠬᠡᠷ ᠤᠨ ᠲᠠᠪᠴᠠᠩ ᠤᠨ ᠡᠬᠢ ᠪᠠᠶᠠᠯᠢᠭ ᠢ | ᠠᠰᠢᠭᠯᠠᠨ᠂ ᠠᠵᠤ ᠦᠢᠯᠡᠰ ᠬᠤᠪᠢᠶᠠᠨ ᠬᠤᠳᠠᠯᠳᠤᠭᠠᠴᠢᠨ ᠤᠷᠢᠬᠤ ᠰᠢᠷᠢᠰ ᠠᠵᠢᠯᠯᠠᠭ᠎ᠠ ᠶᠢ ᠡᠷᠭᠢᠯᠡᠨ᠎ᠡ᠃ | ᠲᠥᠪᠯᠡᠷᠡᠭᠦᠯᠦᠨ ᠭᠡᠷ᠎ᠡ ᠲᠣᠭᠲᠠᠬᠤ ᠪᠠ ᠭᠤᠤᠯᠳᠠᠯᠭ᠎ᠠ ᠲᠠᠢ ᠭᠡᠷ᠎ᠡ ᠲᠣᠭᠲᠠᠬᠤ ᠶᠢ ᠬᠠᠷᠢᠯᠴᠠᠨ ᠤᠶᠠᠯᠳᠤᠭᠤᠯᠬᠤ | ᠠᠷᠭ᠎ᠠ ᠮᠠᠶ᠋ᠢᠭ ᠢ ᠠᠪᠴᠤ᠂ ᠲᠥᠷᠥᠯ ᠵᠦᠢᠯ ᠤᠨ ᠭᠡᠷ᠎ᠡ ᠲᠣᠭᠲᠠᠬᠤ ᠡᠷᠴᠢᠮ ᠢ ᠴᠢᠩᠭᠠᠷᠠᠭᠤᠯᠤᠨ᠂ ᠤᠯᠠᠷᠢᠯ | ᠪᠦᠷᠢ ᠳᠤ ᠡᠯ᠎ᠡ ᠬᠤᠰᠢᠭᠤ ᠰᠢᠶᠠᠨ ᠬᠤᠲᠠ ᠶᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠭᠡᠷ᠎ᠡ ᠲᠣᠭᠲᠠᠬᠤ | ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ᠳᠥᠷᠪᠡᠨ ᠤᠯᠠᠷᠢᠯ ᠤᠨ ᠠᠵᠢᠯᠯᠠᠭ᠎ᠠ ᠳᠤ ᠲᠥᠷᠥᠯ ᠵᠦᠢᠯ ᠤᠨ | ᠰᠠᠭᠤᠷᠢ ᠲᠠᠯᠪᠢᠬᠤ ᠬᠡᠷᠡᠭᠲᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ︶ | 20᠂ ᠪᠤᠬᠢᠷᠳᠤᠯ ᠦᠭᠡᠢ ᠴᠠᠬᠢᠯᠭᠠᠨ ᠢᠶᠠᠷ ᠠᠷᠠᠯᠵᠢᠶᠠᠴᠢᠨ ᠤᠷᠢᠬᠤ ︽ᠭᠤᠷᠪᠠᠨ ᠠᠯᠬᠤᠮ ᠢᠶᠠᠷ ᠶᠠᠪᠤᠬᠤ︾ | ᠪᠠ ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ | ᠰᠤᠷᠭᠠᠭᠤᠯᠢ ᠨᠢᠭᠡᠳᠡᠨ ᠤ ᠠᠵᠤ ᠠᠬᠤᠶᠢᠯᠠᠯᠲᠠᠨ ᠤ ᠺᠯᠦ᠋ᠪ᠂ ᠬᠢᠩᠭᠠᠨ ᠠᠶᠢᠮᠠᠭ ᠤᠨ ᠭᠠᠳᠠᠭᠠᠳᠤ ᠳᠤ ᠰᠠᠭᠤᠭ᠎ᠠ | ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠬᠤᠯᠪᠣᠭ᠎ᠠ ᠠᠪᠬᠤ ᠭᠠᠵᠠᠷ ᠵᠡᠷᠭᠡ ᠣᠲᠣ ᠶᠢᠨ ᠪᠠᠶᠢᠭ᠎ᠠ | ᠲᠠᠪᠴᠠᠩ ᠤᠨ ᠡᠬᠢ ᠪᠠᠶᠠᠯᠢᠭ ᠲᠤ ᠲᠦᠰᠢᠭᠯᠡᠨ᠂ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠳᠠᠪᠠᠭᠤᠯᠢᠭ᠂ ︽ᠰᠢᠨ᠎ᠡ ᠡᠨᠧᠷᠭᠢ +︾ ᠪᠤᠰᠤᠳ ᠠᠵᠤ ᠦᠢᠯᠡᠰ ᠤᠨ ᠬᠥᠭᠵᠢᠯᠲᠡ ᠶᠢᠨ | ᠬᠡᠲᠦ ᠶᠢᠨ ᠲᠥᠯᠥᠪ ᠢ ᠢᠳᠡᠪᠬᠢᠲᠡᠶ ᠪᠠᠷ ᠤᠬᠠᠭᠤᠯᠤᠨ ᠲᠠᠨᠢᠯᠴᠠᠭᠤᠯᠵᠤ᠂ ᠵᠢᠶᠠᠩᠰᠦ ᠮᠤᠵᠢ ᠶᠢᠨ ᠨᠠᠨᠵᠢᠩ ᠳᠤ ︽ | ᠬᠢᠩᠭᠠᠨ ᠠᠶᠢᠮᠠᠭ ᠤᠨ ᠥᠩᠭᠡ ᠦᠵᠡᠮᠵᠢ ᠬᠢᠵᠠᠭᠠᠯᠠᠰᠢ ᠥᠬᠡᠶ ᠰᠠᠶᠢᠨ︾ ᠰᠢᠷᠢᠰ ᠬᠤᠳᠠᠯᠳᠤᠭᠠᠴᠢᠨ ᠤᠷᠢᠬᠤ | ᠠᠵᠢᠯᠯᠠᠭ᠎ᠠ ᠶᠢᠨ ᠠᠩᠬᠠᠨ ᠤ ᠲᠠᠯᠠᠪᠤᠷ ᠲᠠᠨᠢᠯᠴᠠᠭᠤᠯᠬᠤ ᠬᠤᠷᠠᠯ ᠢ ᠬᠤᠷᠠᠯᠳᠤᠭᠤᠯᠪᠠ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | 21᠂ ︽1+2+3+N︾ ᠠᠵᠢᠯᠯᠠᠭ᠎ᠠ ᠶᠢ ᠥᠷᠨᠢᠭᠦᠯᠵᠦ᠂ ᠬᠢᠩᠭᠠᠨ ᠠᠶᠢᠮᠠᠭ ᠤᠨ ᠠᠵᠤ ᠦᠢᠯᠡᠰ ᠤᠨ | ᠪᠠᠯᠠ ᠣᠷᠣᠭᠤᠯᠤᠯᠲᠠ ᠶᠢ ᠠᠬᠢᠭᠤᠯᠬᠤ ᠲᠥᠪ ᠢ ᠪᠠᠶᠢᠭᠤᠯᠤᠨ ᠭᠤᠤᠯᠯᠠᠬᠤ ︽ᠣᠶᠤᠨ ᠤ ᠬᠥᠮᠥᠷᠭᠡ︾ ᠪᠣᠯᠭᠠᠵᠤ᠂ | ᠤᠯᠤᠰ ᠤᠨ ᠳᠣᠲᠣᠭᠠᠳᠤ ᠶᠢᠨ N ᠬᠡᠷ ᠤᠨ ᠬᠤᠳᠠᠯᠳᠤᠭᠠᠨ ᠤ ᠨᠡᠶᠢᠭᠡᠮᠯᠢᠭ ᠯᠦᠭᠡ ᠥᠷᠭᠡᠨ ᠢᠶᠠᠷ ᠬᠠᠮᠲᠤᠷᠠᠯᠴᠠᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠦᠷᠢᠶ᠎ᠡ ᠴᠠᠷᠠᠭ᠎ᠠ ᠶᠢ ᠲᠠᠰᠤᠷᠠᠯᠲᠠ ᠥᠬᠡᠶ ᠥᠷᠭᠡᠳᠬᠡᠵᠦ | ᠂ ᠡᠬᠢ ᠪᠠᠶᠠᠯᠢᠭ ᠤᠨ ᠬᠦᠷᠢᠶ᠎ᠡ ᠴᠠᠷᠠᠭ᠎ᠠ᠂ ᠬᠥᠷᠥᠩᠭᠡ ᠶᠢᠨ ᠬᠦᠷᠢᠶ᠎ᠡ ᠴᠠᠷᠠᠭ᠎ᠠ᠂ ᠨᠠᠶᠢᠵᠠ ᠶᠢᠨ ᠬᠦᠷᠢᠶ᠎ᠡ ᠴᠠᠷᠠᠭ᠎ᠠ ᠶᠢ | ᠥᠷᠭᠡᠳᠬᠡᠨ᠎ᠡ᠃ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠬᠤ᠂ | ᠠᠶᠢᠮᠠᠭ ᠤᠨ ᠳᠣᠲᠣᠭᠠᠳᠤ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠲᠠᠶᠢᠯᠤᠮᠵᠢ ᠬᠢᠯᠭᠡᠬᠦ᠂ ᠭᠠᠳᠠᠭᠠᠳᠤ ᠳᠤ ᠣᠴᠢᠵᠤ ᠬᠥᠭᠵᠢᠭᠰᠡᠨ ᠭᠠᠵᠠᠷ | ᠣᠷᠣᠨ ᠤ ᠬᠤᠳᠠᠯᠳᠤᠭᠠᠴᠢᠨ ᠤᠷᠢᠬᠤ ᠲᠤᠷᠰᠢᠯᠭ᠎ᠠ ᠶᠢ ᠰᠤᠷᠤᠯᠴᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ | ᠪᠥᠬᠦ ᠠᠶᠢᠮᠠᠭ ᠤᠨ ᠬᠤᠳᠠᠯᠳᠤᠭᠠᠴᠢᠨ ᠤᠷᠢᠬᠤ ᠰᠢᠰᠲ᠋ᠧᠮ᠂ ᠡᠯ᠎ᠡ ᠰᠠᠯᠠᠭ᠎ᠠ ᠮᠥᠴᠢᠷ ᠤᠨ ᠬᠤᠳᠠᠯᠳᠤᠭᠠᠴᠢᠨ ᠤᠷᠢᠬᠤ | ᠺᠠᠳ᠋ᠷᠴᠤᠳ ᠲᠤ ᠰᠢᠰᠲ᠋ᠧᠮ ᠲᠠᠢ ᠪᠣᠯᠪᠠᠰᠤᠷᠠᠭᠤᠯᠤᠯ ᠬᠢᠵᠦ᠂ ᠬᠤᠳᠠᠯᠳᠤᠭᠠᠴᠢᠨ ᠤᠷᠢᠬᠤ ᠠᠵᠢᠯᠲᠠᠨ ᠤ | ᠲᠤᠬᠠᠶᠢᠯᠠᠭᠰᠠᠨ ᠠᠵᠢᠯ ᠤᠨ ᠰᠠᠭᠤᠷᠢ ᠶᠢ ᠪᠠᠲᠤᠳᠬᠠᠨ᠂ ᠬᠤᠳᠠᠯᠳᠤᠭᠠᠴᠢᠨ ᠤᠷᠢᠬᠤ ᠲᠤᠰᠬᠠᠶᠢᠵᠢᠭᠰᠠᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠪᠦᠰᠡ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | 22᠂ ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠠᠵᠢᠯᠯᠠᠭᠤᠯᠵᠤ᠂ ︽ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠲᠥᠷᠥᠯ ᠵᠦᠢᠯ ᠢ ᠪᠦᠷᠢᠳᠬᠡᠨ ᠮᠡᠳᠡᠭᠦᠯᠦᠨ ᠬᠦᠷᠭᠡᠬᠦ ᠬᠠᠮᠢᠶᠠᠷᠤᠯᠲᠠ ᠶᠢᠨ ᠠᠷᠭ᠎ᠠ︾ ᠶᠢ | ᠲᠣᠭᠲᠠᠭᠠᠵᠤ᠂ ︽ᠭᠤᠷᠪᠠᠨ ᠬᠦᠰᠦᠨᠦᠭᠲᠦ ᠨᠢᠭᠡ ᠬᠠᠭᠤᠳᠠᠰᠤ︾ ᠶᠢᠨ ᠲᠥᠷᠥᠯ ᠵᠦᠢᠯ ᠤᠨ ᠳᠣᠭᠢᠷᠠᠭᠤᠯᠤᠨ | ᠬᠠᠮᠢᠶᠠᠷᠬᠤ ᠲᠣᠭᠲᠠᠴᠠ ︵ᠬᠡᠯᠡᠯᠴᠡᠭᠡ ᠳᠤ ᠭᠡᠷ᠎ᠡ ᠲᠣᠭᠲᠠᠭᠰᠠᠨ ᠥᠬᠡᠶ᠂ ᠭᠡᠷ᠎ᠡ ᠲᠣᠭᠲᠠᠭᠰᠠᠨ ᠪᠣᠯᠪᠠᠴᠤ | ᠪᠣᠳᠠᠲᠠᠶᠢᠵᠢᠭᠤᠯᠤᠭᠰᠠᠨ ᠥᠬᠡᠶ᠂ ᠪᠣᠳᠠᠲᠠᠶᠢᠵᠢᠭᠤᠯᠤᠭᠰᠠᠨ ᠪᠣᠯᠪᠠᠴᠤ ᠠᠰᠢᠭᠯᠠᠯᠲᠠ ᠳᠤ ᠣᠷᠣᠭᠤᠯᠤᠭᠠᠳᠤᠶ ᠲᠥᠷᠥᠯ | ᠵᠦᠢᠯ ᠤᠨ ᠬᠦᠰᠦᠨᠦᠭᠲᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠦᠯᠡᠳᠡᠭᠡᠯ ᠲᠥᠷᠥᠯ ᠵᠦᠢᠯ ᠤᠨ | ᠬᠠᠭᠤᠳᠠᠰᠤ︶ ᠶᠢ ᠪᠠᠶᠢᠭᠤᠯᠵᠤ᠂ ᠬᠠᠭᠠᠰ ᠰᠠᠷ᠎ᠠ ᠳᠤ ᠨᠢᠭᠡ ᠤᠳᠠᠭ᠎ᠠ ᠳᠣᠭᠢᠷᠠᠭᠤᠯᠬᠤ᠂ ᠰᠠᠷ᠎ᠠ ᠪᠦᠷᠢ ᠨᠢᠭᠡ ᠤᠳᠠᠭ᠎ᠠ | ᠳᠡᠭᠡᠭᠰᠢ ᠮᠡᠳᠡᠭᠦᠯᠬᠦ᠂ ᠤᠯᠠᠷᠢᠯ ᠪᠦᠷᠢ ᠳᠤ ᠨᠢᠭᠡ ᠤᠳᠠᠭ᠎ᠠ ᠨᠡᠪᠲᠡᠷᠡᠭᠦᠯᠬᠦ ᠶᠢ ᠬᠡᠷᠡᠭᠵᠢᠭᠦᠯᠦᠨ᠂ ᠠᠶᠢᠮᠠᠭ ᠬᠤᠰᠢᠭᠤ | ᠬᠤᠶᠠᠷ ᠱᠠᠲᠤᠨ ᠤ ᠲᠥᠷᠥᠯ ᠵᠦᠢᠯ ᠤᠨ ᠮᠡᠳᠡᠭᠡ ᠵᠠᠩᠭᠢ ᠶᠢ ᠪᠥᠬᠦ ᠲᠠᠯ᠎ᠠ ᠪᠠᠷ᠂ ᠪᠣᠰᠤᠭ᠎ᠠ ᠴᠣᠭᠴᠠᠵᠢᠭᠤᠯᠤᠨ | ᠳᠣᠭᠢᠷᠠᠭᠤᠯᠤᠨ ᠬᠠᠮᠢᠶᠠᠷᠬᠤ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠤᠭ᠎ᠠ | ᠪᠠᠷᠢᠮᠲᠠ ᠶᠢ ᠰᠢᠯᠭᠠᠨ ᠬᠢᠨᠠᠵᠤ ᠦᠨᠡᠯᠡᠬᠦ ᠪᠠ ᠮᠠᠭᠠᠳᠯᠠᠨ ᠲᠣᠭᠲᠠᠭᠠᠬᠤ ᠠᠷᠭ᠎ᠠ ᠮᠠᠶ᠋ᠢᠭ ᠢ ᠥᠭᠡᠷᠡᠴᠢᠯᠡᠨ | ᠰᠠᠶᠢᠵᠢᠷᠠᠭᠤᠯᠵᠤ᠂ ᠲᠥᠷᠥᠯ ᠵᠦᠢᠯ ᠤᠨ ᠭᠡᠷ᠎ᠡ ᠶᠢ ᠭᠦᠢᠴᠡᠳᠭᠡᠭᠰᠡᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ | ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠨᠣᠷᠮ᠎ᠠ ᠵᠢᠴᠢ ᠮᠥ ᠪᠦᠷᠢ ᠶᠢᠨ ᠳᠤᠮᠳᠠᠴᠢ ᠪᠠᠯᠠ ᠣᠷᠣᠭᠤᠯᠤᠯᠲᠠ ᠶᠢᠨ | ᠡᠷᠴᠢᠮ᠂ ᠮᠥ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠵᠡᠷᠭᠡ ᠭᠤᠤᠯ ᠭᠦᠢᠴᠡᠳᠡᠭᠡᠯ ᠲᠤᠭ᠎ᠠ ᠶᠢ ᠣᠨ ᠤ ᠰᠢᠯᠭᠠᠨ | ᠬᠢᠨᠠᠵᠤ ᠦᠨᠡᠯᠡᠬᠦ ᠳᠤ ᠣᠷᠣᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠪᠦᠰᠡ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | 23᠂ ᠷᠠᠰᠢᠶᠠᠨ ᠪᠣᠭᠤᠮᠲᠠ ᠶᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠣᠭᠲᠠᠭᠰᠠᠨ | ᠬᠤᠭᠤᠴᠠᠭᠠᠨ ᠳᠤ ᠪᠣᠭᠤᠮᠲᠠ ᠪᠠᠷ ᠥᠩᠭᠡᠷᠡᠭᠦᠯᠬᠦ ᠶᠢ ᠰᠡᠷᠭᠦᠭᠡᠬᠦ ᠪᠠᠷ ᠴᠢᠷᠮᠠᠶᠢᠵᠤ᠂ ᠵᠢᠯ ᠲᠤᠷᠰᠢ ᠨᠡᠭᠡᠭᠡᠯᠲᠡ ᠬᠢᠬᠦ ᠶᠢ | ᠪᠡᠶᠡᠯᠡᠭᠦᠯᠬᠦ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠪᠣᠭᠤᠮᠲᠠ ᠶᠢᠨ ᠲᠣᠪᠴᠢᠶ᠎ᠠ︶ | 24᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠵᠤ᠂ ᠡᠯ᠎ᠡ ᠲᠥᠷᠥᠯ ᠤᠨ ᠴᠢᠨᠠᠷ ᠰᠠᠶᠢᠲᠠᠶ ᠰᠢᠨ᠎ᠡ ᠶᠢ | ᠡᠭᠦᠳᠬᠦ ᠬᠦᠴᠦᠨ ᠵᠦᠢᠯ ᠤᠨ ᠴᠤᠭᠯᠠᠷᠠᠯ ᠢ ᠠᠬᠢᠭᠤᠯᠤᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠬᠦᠷᠢᠶ᠎ᠡ | ᠴᠠᠷᠠᠭ᠎ᠠ ᠶᠢᠨ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠨ᠎ᠠ᠃ ᠬᠢᠩᠭᠠᠨ ᠠᠶᠢᠮᠠᠭ ᠤᠨ ᠪᠣᠬᠢᠷᠲᠤᠯ ᠥᠬᠡᠶ ᠠᠵᠤ | ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠥᠲᠥᠭᠡᠨ ᠪᠠᠶᠢᠭᠤᠯᠵᠤ᠂ ᠰᠢᠨ᠎ᠡ ᠬᠡᠯᠪᠡᠷᠢ ᠶᠢᠨ ᠵᠣᠬᠢᠶᠠᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠲᠠᠪᠴᠠᠩ ᠠᠴᠢᠶᠠᠯᠠᠪᠤᠷᠢ ᠶᠢ ᠡᠭᠦᠳᠦᠨ ᠪᠠᠶᠢᠭᠤᠯᠵᠤ᠂ ᠰᠢᠨ᠎ᠡ ᠶᠢ ᠡᠭᠦᠳᠬᠦ | ᠲᠥᠷᠥ ᠶᠢᠨ ᠪᠣᠳᠣᠯᠭ᠎ᠠ ᠶᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠥᠷᠨᠢᠭᠦᠯᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠠᠷᠢᠶ᠎ᠠ ᠶᠢ ᠪᠣᠶ | ᠪᠣᠯᠭᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ᠭᠤᠷᠪᠠ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ | ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ | 25᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ 4 | ᠬᠡᠷ ᠤᠨ ᠴᠠᠬᠢᠯᠭᠠᠨ ᠬᠡᠷᠡᠭᠰᠡᠯ ᠤᠨ ᠨᠡᠭᠦᠷᠡᠰᠦᠨ ᠤ ᠠᠵᠤ ᠠᠬᠤᠶᠢᠯᠠᠯ ᠤᠨ 2023 ᠣᠨ ᠤ ᠨᠡᠭᠦᠷᠡᠰᠦᠨ ᠤ ᠳᠤᠮᠳᠠ | ᠣᠷᠳᠣ ᠬᠤᠭᠤᠴᠠᠭᠠᠨ ᠤ ᠭᠡᠷ᠎ᠡ ᠶᠢ 100% ᠪᠠᠷ ᠭᠦᠢᠴᠡᠳᠭᠡᠬᠦ ᠶᠢ ᠦᠨᠡᠨᠬᠦ ᠪᠠᠲᠤᠯᠠᠵᠤ᠂ ᠰᠢᠩ ᠲᠦᠩ | ᠨᠡᠭᠦᠷᠡᠰᠦᠨ ᠠᠭᠤᠷᠬᠠᠶ ᠶᠢᠨ ᠴᠥᠮ᠎ᠡ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠭᠠᠷᠳᠠᠮ ᠢ | ᠭᠦᠢᠴᠡᠳᠭᠡᠬᠦ ᠶᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ | ᠦᠢᠯᠡᠳᠪᠦᠷᠢᠯᠡᠯ ᠢ ᠪᠠᠭᠤᠯᠭᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | 26᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠪᠡᠭᠡᠵᠢᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠪᠠᠷᠠᠭᠤᠨ ᠭᠠᠷᠤᠨ ᠳᠤᠮᠳᠠ ᠵᠡᠷᠭᠡ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ 1 | × 35 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ ᠢ | ᠥᠷᠭᠡᠳᠬᠡᠨ ᠪᠠᠶᠢᠭᠤᠯᠬᠤ ᠪᠠ ᠢᠵᠢ ᠪᠥᠷᠢᠳᠦᠭᠦᠯᠦᠨ ᠬᠦᠷᠭᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ ᠲᠣᠤᠷ ᠲᠤ | ᠨᠡᠶᠢᠯᠡᠭᠦᠯᠬᠦ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | 27᠂ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠢ ᠳᠡᠭᠡᠭᠰᠢᠯᠡᠭᠦᠯᠬᠦ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠬᠢᠵᠦ᠂ ᠡᠯ᠎ᠡ ᠬᠤᠰᠢᠭᠤ ᠰᠢᠶᠠᠨ ᠬᠤᠲᠠ ᠶᠢᠨ ᠠᠮᠤ ᠪᠤᠳᠠᠭᠠᠨ ᠤ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ 2023 ᠣᠨ ᠤ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠤᠨ ᠲᠤᠰᠬᠠᠶ ᠪᠠᠯᠠ ᠮᠥᠩᠭᠦ ᠶᠢ | ᠭᠤᠶᠤᠴᠢᠯᠠᠨ ᠮᠡᠳᠡᠭᠦᠯᠵᠦ᠂ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ | ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠥᠷᠨᠢᠭᠦᠯᠵᠦ᠂ ᠠᠮᠤ ᠪᠤᠳᠠᠭᠠᠨ ᠤ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ | ᠭᠡᠨᠡᠳᠲᠡ ᠶᠢᠨ ᠬᠡᠷᠡᠭ ᠵᠢᠴᠢ ᠣᠨᠴᠣᠭᠤᠶ ᠴᠠᠭ ᠦᠶ᠎ᠡ ᠶᠢᠨ ᠠᠮᠤ ᠪᠤᠳᠠᠭᠠᠨ ᠤ ᠦᠨ᠎ᠡ ᠬᠠᠩᠰᠢ ᠶᠢᠨ ᠬᠢᠨᠠᠨ | ᠬᠡᠮᠵᠢᠯᠲᠡ ᠶᠢ ᠴᠢᠩᠭᠠᠳᠬᠠᠨ᠎ᠠ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︶ | 28᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠯᠦᠩ ᠬᠤᠸᠠ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠵᠤ ᠣᠳᠣᠬᠢᠴᠢᠯᠠᠭᠰᠠᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠤᠮᠠᠷᠠᠲᠤ ᠶᠢᠨ ᠬᠦᠢᠳᠡᠨ ᠭᠠᠵᠠᠷ ᠤᠨ ᠤᠰᠤᠨ ᠲᠤᠲᠤᠷᠭ᠎ᠠ ᠶᠢᠨ ᠰᠤᠳᠤᠯᠭᠠᠨ ᠤ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠥᠪᠡᠷᠲᠡᠭᠡᠨ ᠵᠠᠰᠠᠬᠤ ᠣᠷᠣᠨ ᠤ ᠪᠦᠯᠦ᠋ᠺ ᠰᠤᠳᠤᠯᠤᠨ ᠨᠡᠭᠡᠭᠡᠬᠦ | ᠠᠵᠤ ᠠᠬᠤᠶᠢᠯᠠᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠤᠨ᠎ᠠ᠃ ᠡᠰᠢ ᠰᠦᠷᠡᠯ ᠢ ᠤᠯᠠᠷᠢᠭᠤᠯᠬᠤ ᠪᠣᠬᠢᠷᠲᠤᠯ ᠥᠬᠡᠶ ᠠᠭᠠᠷ ᠤᠨ ᠠᠶᠠᠯᠠᠯ ᠤᠨ | ᠨᠡᠭᠦᠷᠡᠰᠦᠨ ᠲᠣᠰᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠢᠩᠭᠠᠨ ᠠᠶᠢᠮᠠᠭ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠲᠣᠭᠤᠷᠢᠭ ᠢ ᠦᠨᠡᠯᠡᠨ ᠵᠢᠱᠢᠵᠦ ᠰᠢᠯᠭᠠᠨ ᠠᠪᠬᠤ ᠶᠢ ︵ᠲᠦᠷᠦᠭᠦᠯᠡᠬᠦ ᠨᠢᠭᠡᠴᠢ᠄ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 29᠂ ᠥᠨᠳᠥᠷ ᠦᠷ᠎ᠡ ᠪᠦᠲᠦᠮᠵᠢᠲᠡᠶ ᠪᠥᠭᠡᠳ ᠢᠯᠭᠤᠮ ᠰᠢᠯᠤᠭᠤᠨ ᠲᠡᠭᠡᠭᠡᠪᠦᠷᠢ ᠶᠢᠨ ᠰᠢᠰᠲ᠋ᠧᠮᠵᠢ ᠶᠢ | ᠪᠥᠲᠥᠭᠡᠨ ᠪᠠᠶᠢᠭᠤᠯᠵᠤ᠂ ᠲᠤᠭᠴᠢ ᠠᠵᠤ ᠠᠬᠤᠶᠢᠯᠠᠯ ᠢ ᠪᠤᠶᠢᠵᠢᠭᠤᠯᠤᠨ᠂ ᠣᠯᠠᠨ ᠬᠡᠯᠪᠡᠷᠢ ᠶᠢᠨ ᠬᠤᠯᠪᠣᠭᠠᠯᠠᠨ | ᠲᠡᠭᠡᠭᠡᠪᠦᠷᠢᠯᠡᠬᠦ ︽ᠥᠪᠥᠷ ᠮᠣᠩᠭᠤᠯ ᠳᠤ ᠨᠡᠪᠲᠡᠷᠡᠬᠦ︾ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ 2 | ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠵᠢᠱᠢᠶ᠎ᠡ ᠦᠵᠡᠭᠦᠯᠬᠦ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ︶ | 30. ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ︽1+N︾ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽ᠬᠢᠩᠭᠠᠨ ᠠᠶᠢᠮᠠᠭ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ︾ 1+N ︽ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠥᠰᠦᠯ︾ ᠵᠢᠴᠢ ︽ᠬᠢᠩᠭᠠᠨ | ᠠᠶᠢᠮᠠᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ | ᠨᠠᠶᠢᠳᠠᠪᠤᠷᠢᠵᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠲᠠᠰ ᠤᠨ | ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠵᠢᠴᠢ ᠠᠯᠠᠰᠢᠨ ᠦᠬᠡᠷ ᠡᠳ᠋ᠰᠢᠭᠦᠯᠬᠦ᠂ ᠠᠮᠤ ᠪᠤᠳᠠᠭ᠎ᠠ | ᠬᠤᠳᠠᠯᠳᠤᠨ ᠠᠪᠴᠤ ᠨᠥᠭᠡᠴᠡᠯᠡᠬᠦ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ | ᠭᠤᠤᠯᠯᠠᠬᠤ ᠠᠵᠤ ᠠᠬᠤᠶᠢᠯᠠᠯ ᠤᠨ ᠭᠦᠢᠯᠭᠡᠭᠡᠨ ᠤ ᠴᠢᠨᠠᠷᠲᠠᠶ ᠪᠠᠯᠠ ᠮᠥᠩᠭᠦ ᠶᠢᠨ ᠳᠡᠮᠵᠢᠯᠭᠡ ᠶᠢ ᠴᠢᠩᠭᠠᠳᠬᠠᠨ᠎ᠠ᠃ ︵ | ᠲᠦᠷᠦᠭᠦᠯᠡᠬᠦ ᠨᠢᠭᠡᠴᠢ᠄ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ︶ | 31᠂ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ︽ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ | ᠳᠡᠮᠵᠢᠯᠭᠡ ᠶᠢᠨ ︿ᠬᠤᠶᠠᠷ ᠬᠠᠯᠬᠠᠪᠴᠢ﹀ ︽ᠬᠤᠶᠠᠷ ᠰᠠᠭᠤᠷᠢᠨ ᠭᠠᠵᠠᠷ︾ ︽ᠨᠢᠭᠡ ᠬᠥᠭᠦᠷᠭᠡᠨ ᠪᠠᠬᠢᠯᠡᠯᠲᠡ︾ ᠶᠢ | ᠨᠠᠶᠢᠳᠠᠪᠤᠷᠢᠵᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠮᠥᠩᠭᠦᠨ | ᠭᠦᠢᠯᠭᠡᠭᠡᠨ ᠤ ᠠᠯᠪᠠᠨ ᠬᠡᠷ︶ | | 32᠂ ᠤᠯᠤᠰ ᠤᠨ ᠦᠨᠳᠦᠷ ᠬᠤᠷᠳᠤᠴᠠᠳᠤ ᠵᠠᠰᠠᠮᠠᠯ ᠵᠠᠮ ᠤᠨ ᠲᠣᠭᠤᠷᠢᠭ ᠲᠠᠬᠢ ᠨᠡᠪᠲᠡᠷᠡᠭᠦᠯᠬᠦ ᠪᠠᠷ ᠪᠠᠶᠢᠭ᠎ᠠ | ᠵᠠᠮ ᠤᠨ ᠬᠡᠰᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 3 ᠳ᠋ᠤᠭᠠᠷ ᠰᠠᠷ᠎ᠠ ᠳᠤ G5511 | ᠰᠤᠭᠤᠳᠤ ᠠᠴᠠ ᠤᠯᠠᠭᠠᠨᠬᠤᠲᠠ ᠬᠥᠷᠬᠦ ᠬᠡᠰᠡᠭ ᠤᠨ ᠦᠨᠳᠦᠷ ᠬᠤᠷᠳᠤᠴᠠᠳᠤ ᠵᠠᠰᠠᠮᠠᠯ ᠵᠠᠮ ᠤᠨ ᠲᠥᠷᠥᠯ ᠵᠦᠢᠯ ᠢ | ᠰᠡᠷᠭᠦᠭᠡᠨ ᠪᠥᠲᠥᠭᠡᠨ ᠪᠠᠶᠢᠭᠤᠯᠵᠤ᠂ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠬᠤ ᠪᠠᠷ | ᠴᠢᠷᠮᠠᠶᠢᠨ᠎ᠠ᠃ G1015 ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠷᠬᠦ ᠦᠨᠳᠦᠷ | ᠬᠤᠷᠳᠤᠴᠠᠳᠤ ᠵᠠᠰᠠᠮᠠᠯ ᠵᠠᠮ ᠤᠨ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ ᠵᠢᠯ ᠤᠨ ᠳᠣᠲᠣᠷ᠎ᠠ | 90% ᠶᠢᠨ ᠵᠠᠮ ᠤᠨ ᠰᠠᠭᠤᠷᠢ ᠶᠢᠨ ᠪᠠᠷᠢᠯᠭ᠎ᠠ ᠵᠢᠴᠢ ᠬᠥᠭᠦᠷᠭᠡ ᠶᠢᠨ ᠭᠤᠤᠯ ᠴᠣᠭᠴᠠ ᠶᠢᠨ ᠪᠠᠷᠢᠯᠭ᠎ᠠ ᠶᠢ ᠪᠦᠬᠦᠨ ᠢ | ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ | 33᠂ ᠤᠯᠤᠰ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠢ ᠲᠠᠰ ᠳᠡᠪᠰᠢᠭᠦᠯᠬᠦ ᠶᠢ ᠠᠬᠢᠭᠤᠯᠵᠤ᠂ | ᠮᠤᠵᠢ ᠶᠢᠨ ᠵᠠᠮ ᠤᠨ 308 ᠱᠤᠭᠤᠮ ᠤᠨ ᠢᠷᠪᠢᠰ ᠠᠴᠠ ᠴᠠᠶᠢᠴᠢᠶᠤᠤ ᠬᠥᠷᠬᠦ᠂ 309 ᠱᠤᠭᠤᠮ ᠤᠨ | ᠦᠷᠡᠵᠢᠯ ᠤᠨ ᠲᠠᠯᠠᠪᠠᠶ ᠠᠴᠠ ᠠᠯᠳᠡᠷ ᠬᠥᠷᠬᠦ᠂ 204 ᠱᠤᠭᠤᠮ ᠤᠨ ᠬᠤᠤ ᠷᠤᠤ ᠱᠠᠨ ᠠᠴᠠ ᠴᠠᠷᠠᠰᠤᠨ ᠬᠥᠷᠬᠦ | ᠵᠡᠷᠭᠡ 3 ᠵᠤᠷᠪᠤᠰ ᠵᠠᠰᠠᠮᠠᠯ ᠵᠠᠮ ᠤᠨ ᠲᠥᠷᠥᠯ ᠵᠦᠢᠯ ᠢ ᠰᠡᠷᠭᠦᠭᠡᠨ ᠪᠠᠶᠢᠭᠤᠯᠵᠤ᠂ ᠵᠢᠯ ᠤᠨ ᠳᠣᠲᠣᠷ᠎ᠠ ᠪᠦᠬᠦᠨ ᠢ | ᠳᠠᠭᠤᠰᠬᠠᠬᠤ ᠶᠢ ᠪᠠᠲᠤᠯᠠᠨ᠎ᠠ︔ ᠮᠤᠵᠢ ᠶᠢᠨ ᠵᠠᠮ ᠤᠨ 210 ᠱᠤᠭᠤᠮ ᠤᠨ ᠲᠦᠴᠢᠦᠸᠠᠨ ᠠᠴᠠ ᠳ᠋ᠢ ᠭᠥᠩ ᠬᠤᠸᠠ | ᠬᠦᠷᠬᠦ᠂ ᠤᠯᠤᠰ ᠤᠨ ᠵᠠᠮ ᠤᠨ 334 ᠱᠤᠭᠤᠮ ᠤᠨ ᠰᠢᠨ ᠹᠠ ᠠᠴᠠ ᠭᠤᠤᠯ ᠤᠨ ᠪᠠᠶᠢᠰᠢᠩ ᠬᠦᠷᠬᠦ ᠵᠠᠰᠠᠮᠠᠯ | ᠵᠠᠮ ᠤᠨ ᠵᠦᠢᠯᠡᠰ ᠢ ᠲᠦᠷᠭᠡᠬᠡᠨ ᠡᠬᠢᠯᠡᠨ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠷᠠᠰᠢᠶᠠᠨ ᠤ | ᠬᠢᠯᠢ ᠶᠢᠨ ᠬᠠᠮᠠᠭᠠᠯᠠᠯᠲᠠ ᠶᠢᠨ ᠭᠠᠯ ᠰᠡᠷᠭᠡᠶᠢᠯᠡᠬᠦ ᠵᠠᠮ ᠪᠣᠯᠤᠨ ᠤᠯᠠᠭᠠᠶ ᠠᠴᠠ ᠤᠯᠠᠭᠠᠨ ᠭᠤᠤᠯ ᠬᠥᠷᠬᠦ ᠵᠠᠰᠠᠮᠠᠯ | ᠵᠠᠮ ᠤᠨ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠲᠠᠪᠰᠠᠩ ᠠᠴᠠ 32672 ᠬᠦᠷᠲᠡᠯᠡᠬᠢ ᠴᠡᠷᠢᠭ | ᠠᠩᠭᠢ ᠶᠢᠨ ᠵᠠᠰᠠᠮᠠᠯ ᠵᠠᠮ ᠤᠨ ᠵᠦᠢᠯᠡᠰ ᠤᠨ ᠲᠥᠯᠥᠪᠯᠡᠭᠡ ᠶᠢ ᠢᠳᠡᠪᠬᠢᠲᠡᠶ ᠪᠠᠷ ᠭᠤᠶᠤᠴᠢᠯᠠᠵᠤ᠂ ᠠᠯᠢ | ᠲᠦᠷᠭᠡᠨ ᠢᠶᠠᠷ ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠨ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ᠃ ︵ | ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ | 34᠂ ᠶᠤᠸᠠᠨ ᠯᠦᠩ ᠫᠢᠩ ᠤᠨ ᠠᠺᠠᠳᠧᠮᠢᠴᠢ ᠶᠢᠨ ᠠᠵᠢᠯ ᠤᠨ ᠥᠷᠲᠡᠭᠡ᠂ ᠥᠪᠡᠷᠲᠡᠭᠡᠨ ᠵᠠᠰᠠᠬᠤ ᠣᠷᠣᠨ ᠤ | ᠥᠨᠳᠥᠷ ᠬᠦᠢᠳᠡᠨ ᠦᠨᠳᠦᠰᠦᠯᠢᠭ ᠡᠰᠢᠲᠦ ᠢᠳᠡᠰᠢᠨ ᠨᠣᠭᠤᠭ᠎ᠠ ᠶᠢᠨ ᠪᠦᠷᠦ᠋ᠺ ᠢᠨᠵᠧᠨᠧᠷᠢᠩ ᠤᠨ ᠮᠡᠷᠭᠡᠵᠢᠯ ᠤᠨ | ᠰᠤᠳᠤᠯᠭᠠᠨ ᠤ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠬᠢᠷ ᠤᠨ ᠠᠵᠤ ᠦᠢᠯᠡᠳᠪᠦᠷᠢ ᠶᠢᠨ ᠢᠨᠵᠧᠨᠧᠷᠢᠩ ᠤᠨ | ᠮᠡᠷᠭᠡᠵᠢᠯ ᠤᠨ ᠰᠤᠳᠤᠯᠭᠠᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ | ᠦᠷ᠎ᠡ ᠪᠣᠷᠣᠯᠠᠭᠤᠯᠬᠤ ᠺᠣᠮᠫᠠᠨᠢ ᠶᠢ ᠵᠣᠬᠢᠶᠠᠨ ᠪᠠᠶᠢᠭᠤᠯᠤᠨ᠂ ᠪᠥᠬᠦ ᠠᠶᠢᠮᠠᠭ ᠲᠤ 8 ᠲᠦᠮᠡᠨ ᠮᠥ ᠠᠴᠠ ᠳᠡᠭᠡᠭᠰᠢ | ᠰᠢᠨ᠎ᠡ ᠡᠭᠦᠯᠳᠡᠷ ᠳᠠᠷᠢᠬᠤ ᠲᠠᠯᠠᠪᠠᠶ ᠶᠢ ᠳᠡᠯᠭᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢᠳᠤ | ᠪᠣᠳᠠᠰ ᠤᠨ ᠡᠭᠦᠯᠳᠡᠷ ᠪᠤᠶᠢᠵᠢᠭᠤᠯᠬᠤ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠲᠠᠢ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ 30 ᠠᠴᠠ | ᠳᠡᠭᠡᠭᠰᠢ ᠳᠤ ᠬᠦᠷᠦᠭᠦᠯᠵᠦ᠂ ᠬᠠᠷᠢᠴᠠᠯ ᠢ 25% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︵ | ᠲᠦᠷᠦᠭᠦᠯᠡᠬᠦ ᠨᠢᠭᠡᠴᠢ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ᠲᠦᠷᠪᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠨ᠎ᠡ | 35᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠷᠠᠭᠤᠯᠵᠤ᠂ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ | ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ | ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠨᠤᠭ ᠲᠥᠬᠦᠭᠡᠷᠦᠮᠵᠢ ᠶᠢᠨ ᠠᠩᠬᠠᠨ ᠤ ᠢᠵᠢ᠂ | ᠵᠠᠩᠭᠢᠯᠠᠭ᠎ᠠ ᠶᠢᠨ ᠰᠡᠯᠪᠢᠭ ᠲᠣᠨᠤᠭ ᠢ ᠲᠦᠷᠦᠭᠦᠤ ᠪᠦᠯᠦᠭ ᠤᠳᠠᠭ᠎ᠠ ᠮᠠᠭᠠᠳᠯᠠᠨ ᠲᠣᠭᠲᠠᠭᠠᠬᠤ ᠠᠵᠢᠯ ᠢ | ᠥᠷᠨᠢᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ︶ | 36᠂ ᠠᠵᠤ ᠠᠬᠤᠶᠢᠯᠠᠯ ᠤᠨ ᠱᠠᠲᠤᠯᠠᠨ ᠪᠤᠶᠢᠵᠢᠭᠤᠯᠬᠤ ᠶᠢ ᠴᠢᠩᠭᠠᠷᠠᠭᠤᠯᠵᠤ᠂ ᠠᠶᠢᠮᠠᠭ ᠤᠨ ᠲᠣᠰ ᠱᠠᠲᠤᠨ ᠤ | ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠨᠥᠭᠡᠴᠡᠯᠡᠬᠦ ᠬᠥᠮᠥᠷᠭᠡ ᠶᠢ ᠪᠠᠶᠢᠭᠤᠯᠤᠨ᠎ᠠ᠃ ᠰᠢᠨ᠎ᠡ ᠶᠢ ᠡᠭᠦᠳᠬᠦ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 22 ᠡᠷᠦᠬᠡ᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ | ᠵᠢᠵᠢᠭ ᠠᠵᠤ ᠠᠬᠤᠶᠢᠯᠠᠯ 35 ᠡᠷᠦᠬᠡ ᠶᠢ ᠰᠢᠨ᠎ᠡ ᠪᠠᠷ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 2 ᠡᠷᠦᠬᠡ᠂ ︽ᠲᠤᠰᠬᠠᠶ ᠨᠠᠷᠢᠯᠢᠭ ᠣᠨᠴᠠ | ᠰᠢᠨ᠎ᠡ︾ ᠳᠤᠮᠳᠠ ᠵᠢᠵᠢᠭ ᠠᠵᠤ ᠠᠬᠤᠶᠢᠯᠠᠯ 1 ᠡᠷᠦᠬᠡ ᠶᠢ ᠮᠠᠭᠠᠳᠯᠠᠨ ᠲᠣᠭᠲᠠᠭᠠᠬᠤ ᠪᠠᠷ ᠴᠢᠷᠮᠠᠶᠢᠨ᠎ᠠ᠃ ᠳᠤᠮᠳᠠ | ᠵᠢᠵᠢᠭ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠤᠮᠳᠠ ᠵᠢᠵᠢᠭ ᠠᠵᠤ ᠠᠬᠤᠶᠢᠯᠠᠯ ᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ᠢ ᠵᠥᠪᠰᠢᠶᠡᠷᠡᠭᠦᠯᠬᠦ ᠪᠠᠷ ᠴᠢᠷᠮᠠᠶᠢᠨ᠎ᠠ᠃ ︵ | ᠲᠦᠷᠦᠭᠦᠯᠡᠬᠦ ᠨᠢᠭᠡᠴᠢ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 37᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠨ᠂ ᠬᠤᠳᠠᠯᠳᠤᠭᠠᠴᠢᠨ ᠢ ᠳᠡᠮᠵᠢᠨ ᠠᠷᠠᠳ ᠲᠤ ᠠᠰᠢᠭ | ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 20 ᠬᠤᠭᠤᠴᠠᠭ᠎ᠠ ᠲᠡᠮᠡᠴᠡᠨ ᠤᠯᠬᠤ ᠪᠠ ᠲᠠᠷᠬᠠᠭᠠᠵᠤ᠂ ᠰᠦᠯᠵᠢᠶᠡᠨ ᠠᠴᠠ | ᠭᠠᠳᠠᠭᠤᠷᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 800 ᠤᠳᠠᠭ᠎ᠠ ᠥᠷᠨᠢᠭᠦᠯᠦᠨ᠎ᠡ᠃ 2023 ᠣᠨ ᠤ ︽ | ᠬᠢᠩᠭᠠᠨ ᠦᠢᠯᠡᠳᠪᠦᠷᠢᠯᠡᠯ ᠠᠮᠤᠷ ᠲᠦᠪᠰᠢᠨ ᠢᠶᠠᠷ ᠰᠣᠩᠭᠤᠵᠤ ᠡᠭᠦᠯᠡᠨ ᠪᠤᠳᠤᠯᠳᠠ ᠶᠢᠨ ᠬᠢᠩᠭᠠᠨ︾ ᠰᠢᠷᠢᠰ | ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ 1 ᠰᠢᠶᠠᠨ ᠤ ᠬᠡᠪᠴᠢᠶᠡᠨ ᠤ | ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠤᠷᠰᠢᠯᠲᠠ ᠶᠢᠨ ᠬᠤᠰᠢᠭᠤ ᠰᠢᠶᠠᠨ ᠢ | ᠤᠯᠬᠤ ᠪᠠᠷ ᠢᠳᠡᠪᠬᠢᠲᠡᠶ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠪᠣᠭᠤᠮᠲᠠ ᠶᠢᠨ ᠲᠣᠪᠴᠢᠶ᠎ᠠ︶ | 38᠂ ᠠᠵᠤ ᠠᠬᠤᠶᠢᠯᠠᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ | ᠲᠦᠷᠢᠮ ᠲᠣᠭᠲᠠᠭᠠᠯ ᠳᠡᠪᠰᠢᠭᠦᠯᠬᠦ ᠨᠥᠬᠦᠴᠡᠯ ᠢ ᠬᠠᠩᠭᠠᠭᠰᠠᠨ ᠠᠵᠤ ᠠᠬᠤᠶᠢᠯᠠᠯ ᠳᠤ ᠬᠢᠨᠠᠨ ᠬᠡᠮᠵᠢᠬᠦ ᠶᠢ | ᠴᠢᠩᠭᠠᠳᠬᠠᠵᠤ᠂ ᠵᠢᠯ ᠤᠨ ᠳᠣᠲᠣᠷ᠎ᠠ ᠲᠦᠷᠢᠮ ᠲᠣᠭᠲᠠᠭᠠᠯ ᠳᠡᠪᠰᠢᠭᠦᠯᠬᠦ ᠠᠵᠤ ᠠᠬᠤᠶᠢᠯᠠᠯ ᠢ 14 ᠡᠷᠦᠬᠡ ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 39᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠪᠠ ᠪᠥᠬᠦ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ 3.0 ᠠᠵᠢᠯᠯᠠᠭ᠎ᠠ ᠶᠢᠨ ᠲᠥᠰᠦᠯ ᠤᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠤᠨ᠎ᠠ᠃ ︽ᠰᠠᠷ᠎ᠠ ᠪᠠᠷ | ᠳᠣᠭᠢᠷᠠᠭᠤᠯᠬᠤ᠂ ᠤᠯᠠᠷᠢᠯ ᠢᠶᠠᠷ ᠲᠠᠭᠯᠠᠨ ᠮᠡᠳᠡᠭᠦᠯᠬᠦ︾ ᠠᠵᠢᠯ ᠤᠨ ᠲᠣᠭᠲᠠᠴᠠ ᠶᠢ ᠬᠡᠷᠡᠭᠯᠡᠨ᠂ ᠥᠪᠡᠷᠲᠡᠭᠡᠨ | ᠵᠠᠰᠠᠬᠤ ᠣᠷᠣᠨ ᠤ 181 ᠵᠤᠷᠪᠤᠰ ᠪᠠ ᠮᠠᠨ ᠤ ᠠᠶᠢᠮᠠᠭ ᠤᠨ 400 ᠵᠤᠷᠪᠤᠰ ᠢ ᠬᠠᠷᠢᠴᠠᠭᠤᠯᠤᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ ᠳ᠋ᠤᠭᠠᠷ ᠢ ᠬᠠᠰᠤᠬᠤ ᠶᠢ ᠳᠥᠯᠭᠢᠨ ᠠᠬᠢᠭᠤᠯᠪᠠ᠃ ︵ | ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 40᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ | ᠲᠣᠭᠤᠷᠢᠨ ᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠶ | ᠪᠡᠶᠡᠯᠡᠭᠦᠯᠵᠦ᠂ ᠮᠠᠨ ᠤ ᠠᠶᠢᠮᠠᠭ ᠤᠨ ᠦᠨᠡᠯᠡᠨ ᠵᠢᠱᠢᠭᠰᠡᠨ ᠬᠢᠷᠢ ᠪᠦᠲᠦᠮᠵᠢ ᠪᠠᠷ ᠨᠡᠯᠢᠶᠡᠳ ᠰᠠᠶᠢᠨ ᠭᠦᠢᠴᠡᠳᠭᠡᠯ | ᠲᠤᠭ᠎ᠠ ᠶᠢᠨ ᠲᠣᠭᠤᠷᠢᠨ ᠳᠤ ᠲᠤᠷᠰᠢᠯᠭ᠎ᠠ ᠠᠷᠭ᠎ᠠ ᠬᠢᠳᠡᠯ ᠢ ᠪᠣᠯᠪᠠᠰᠤᠷᠠᠭᠤᠯᠵᠤ᠂ ᠪᠥᠬᠦ ᠠᠶᠢᠮᠠᠭ ᠤᠨ ᠬᠡᠪᠴᠢᠶᠡᠨ ᠳᠤ | ᠳᠡᠯᠭᠡᠷᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 41᠂ ᠰᠦᠯᠵᠢᠶᠡᠨ ᠳᠡᠭᠡᠷᠡᠬᠢ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ | ᠬᠢᠭᠡᠳ ᠰᠦᠯᠵᠢᠶᠡᠨ ᠭᠠᠳᠠᠨᠠᠬᠢ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠦᠢᠯᠡᠳᠦᠯ ᠢ ᠦᠨᠡᠨᠬᠦ ᠪᠠᠳᠠᠷᠠᠭᠤᠯᠵᠤ᠂ | ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ | ᠲᠥᠷᠥ ᠶᠢᠨ ᠪᠣᠳᠣᠯᠭ᠎ᠠ ᠶᠢᠨ ᠨᠡᠪᠲᠡᠷᠬᠡᠶ ᠺᠠᠷᠲ ᠬᠢᠭᠡᠳ ᠬᠢᠩᠭᠠᠨ ᠠᠶᠢᠮᠠᠭ ᠤᠨ ︽ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ︾ ᠶᠢᠨ ᠭᠠᠷ ᠳᠡᠪᠲᠡᠷ ᠤᠨ ᠬᠤᠯᠪᠣᠭᠳᠠᠯ ᠪᠥᠬᠦᠶ ᠠᠵᠤ | ᠠᠬᠤᠶᠢᠯᠠᠯ ᠳᠤ ᠠᠰᠢᠭ ᠬᠦᠷᠲᠡᠭᠡᠬᠦ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠵᠦ᠂ ᠲᠥᠷᠥ ᠶᠢᠨ ᠪᠣᠳᠣᠯᠭ᠎ᠠ ᠶᠢ | ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠢᠭᠤᠳ ᠬᠦᠷᠦᠭᠦᠯᠬᠦ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ | ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 42᠂ ︽ᠬᠢᠩᠭᠠᠨ ᠠᠶᠢᠮᠠᠭ ᠤᠨ 5G ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠲᠤᠰᠬᠠᠶ | ᠵᠦᠢᠯ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠪᠥᠬᠦ ᠵᠢᠯ ᠳᠤ 5G ᠰᠠᠭᠤᠷᠢ ᠥᠷᠲᠡᠭᠡ ᠶᠢ | 2000 ᠠᠴᠠ ᠳᠡᠭᠡᠭᠰᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠵᠢᠭᠤᠯᠬᠤ ᠨᠣᠷᠮ᠎ᠠ ᠶᠢ 40% ᠳᠤ ᠬᠦᠷᠦᠭᠦᠯᠵᠦ | ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠲᠣᠭᠠᠵᠢᠭᠤᠯᠬᠤ ᠨᠣᠷᠮ᠎ᠠ ᠶᠢ 50% ᠳᠤ ᠬᠦᠷᠦᠭᠦᠯᠦᠨ᠎ᠡ᠃ | ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠲᠣᠭᠠᠴᠢᠯᠠᠭᠰᠠᠨ ᠦᠨᠡᠯᠡᠨ ᠵᠢᠱᠢᠯᠲᠡ ᠶᠢᠨ ᠣᠨᠣᠰᠢᠯᠠᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ ᠣᠳᠣᠬᠢ | ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠲᠣᠳᠣᠷᠬᠠᠢ ᠣᠶᠢᠯᠠᠭᠠᠵᠤ᠂ ᠳᠠᠷᠠᠭᠠᠴᠢ ᠶᠢᠨ ᠠᠯᠬᠤᠮ ᠳᠤ ᠤᠨᠢᠨ | ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠬᠦ ᠳᠤ ᠦᠨᠳᠦᠰᠦᠯᠡᠯ ᠬᠠᠩᠭᠠᠨ᠎ᠠ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠠᠵᠤ ᠦᠢᠯᠡᠳᠪᠦᠷᠢᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 43᠂ ︽ᠳᠠᠭᠠᠳᠬᠠᠯ ᠳᠤ ᠲᠤᠰᠠᠯᠠᠬᠤ ᠵᠢᠭᠡᠯᠡᠯᠭᠡ︾ ᠭᠤᠶᠤᠴᠢᠯᠠᠬᠤ ᠲᠤᠬᠠᠶᠢᠯᠠᠭᠰᠠᠨ ᠠᠵᠢᠯ ᠤᠨ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠪᠦᠬᠦᠨ ᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠪᠠᠯᠠ | ᠲᠣᠬᠢᠷᠠᠭᠤᠯᠬᠤ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠲᠠᠪᠴᠠᠩ ᠬᠠᠩᠭᠠᠨ᠎ᠠ᠃ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠠᠯᠠ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠪᠠ ᠬᠠᠨᠳᠤᠰᠢ ᠶᠢ ᠴᠠᠭ | ᠲᠤᠬᠠᠶ ᠳᠤᠨᠢ ᠡᠵᠡᠮᠰᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠨ᠂ ︵ᠲᠦᠷᠦᠭᠦᠯᠡᠬᠦ ᠨᠢᠭᠡᠴᠢ᠄ ᠠᠶᠢᠮᠠᠭ ᠤᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 44᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠢ ᠬᠠᠮᠵᠢᠨ ᠨᠤᠨ ᠮᠦᠷᠡᠨ ᠤ | ᠤᠰᠤ ᠶᠢ ᠲᠠᠲᠠᠵᠤ ᠰᠢᠯᠢ ᠶᠢᠨ ᠭᠤᠤᠯ ᠢ ᠲᠤᠰᠠᠯᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠵᠡᠭᠦᠨ ᠬᠤᠶᠢᠲᠤ ᠶᠢᠨ ᠤᠰᠤᠨ | ᠲᠤᠤᠷᠵᠢᠭᠤᠯᠤᠯᠳᠠ ᠶᠢᠨ ᠲᠦᠯᠦᠪᠯᠡᠭᠡ ᠳᠤ ᠤᠷᠤᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠤᠰᠤᠨ | ᠠᠰᠢᠭᠯᠠᠯᠲᠠ ᠶᠢᠨ ᠲᠣᠪᠴᠢᠶ᠎ᠠ︶ | ᠲᠠᠪᠤ᠂ ᠠᠵᠤ ᠦᠢᠯᠡᠰ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠬᠦᠴᠦᠯᠡᠨ ᠠᠬᠢᠭᠤᠯᠤᠨ᠎ᠠ | 45᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ᠂ ︽ᠬᠢᠩᠭᠠᠨ ᠠᠶᠢᠮᠠᠭ ᠤᠨ | ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠬᠦ ᠶᠢ ᠠᠬᠢᠭᠤᠯᠬᠤ 2023 ᠣᠨ ᠤ ᠠᠵᠢᠯ ᠤᠨ ᠭᠤᠤᠯᠳᠠᠯᠭ᠎ᠠ︾ ᠶᠢ | ᠰᠤᠳᠤᠯᠤᠨ ᠲᠣᠭᠲᠠᠭᠠᠵᠤ᠂ ᠬᠠᠷᠠᠯᠲᠠ ᠶᠢᠨ ᠬᠢᠵᠠᠭᠠᠷᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠠᠶᠢᠮᠠᠭ ᠤᠨ | ᠨᠢᠭᠡᠴᠢ ᠶᠢᠨ GDP ᠶᠢᠨ ᠡᠨᠧᠷᠭᠢ ᠶᠢᠨ ᠬᠤᠷᠣᠭᠳᠠᠯ᠂ ᠤᠰᠤ ᠬᠡᠷᠡᠭᠯᠡᠬᠦ ᠬᠡᠮᠵᠢᠶ᠎ᠡ᠂ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠲᠠᠯᠠᠪᠠᠶ ᠵᠡᠷᠭᠡ ᠶᠡᠷᠦᠩᠬᠡᠶ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ | ᠣᠨ ᠤ ᠬᠠᠷᠠᠯᠲᠠ ᠶᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠣᠨ ᠤ ᠡᠭᠦᠷᠭᠡ ᠶᠢ | ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠠᠭᠤᠷᠬᠠᠶ ᠶᠢᠨ ︽ᠭᠤᠷᠪᠠᠨ ᠨᠣᠷᠮ᠎ᠠ︾ ᠶᠢ ᠤᠯᠤᠰ ᠵᠢᠴᠢ ᠥᠪᠡᠷᠲᠡᠭᠡᠨ | ᠵᠠᠰᠠᠬᠤ ᠣᠷᠣᠨ ᠤ ᠱᠠᠭᠠᠷᠳᠠᠯᠭ᠎ᠠ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ︶ | 46᠂ ︽ᠬᠢᠩᠭᠠᠨ ᠠᠶᠢᠮᠠᠭ ᠤᠨ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠪᠠᠶᠢᠬᠤ ᠭᠠᠵᠠᠷ | ᠰᠢᠷᠣᠶ ᠶᠢ ᠶᠡᠭᠡ ᠪᠠᠷ ᠡᠬᠢᠯᠡᠨ ᠰᠢᠩᠭᠡᠭᠡᠵᠦ ᠰᠢᠢᠳᠪᠦᠷᠢᠯᠡᠬᠦ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ | ᠶᠣᠰᠣᠭᠠᠷ᠂ ︽ᠨᠢᠭᠡ ᠭᠠᠵᠠᠷ ᠣᠷᠣᠨ ᠳᠤ ᠨᠢᠭᠡ ᠲᠥᠷᠥ ᠶᠢᠨ ᠪᠣᠳᠣᠯᠭ᠎ᠠ︾ ᠶᠢᠨ ᠡᠬᠡ ᠲᠠᠩᠰᠠ ᠪᠠ ᠲᠥᠷᠥᠯ | ᠬᠤᠪᠢᠶᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠤᠨ᠎ᠠ᠃ ᠬᠢᠩᠭᠠᠨ ᠠᠶᠢᠮᠠᠭ ᠤᠨ ︽ᠭᠤᠷᠪᠠᠨ ᠬᠡᠮᠵᠢᠯ︾ ᠤᠨ ᠲᠠᠪᠴᠠᠩ ᠤᠨ ᠬᠢᠩᠭᠠᠨ ᠠᠶᠢᠮᠠᠭ ᠤᠨ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠪᠠᠶᠢᠬᠤ ᠭᠠᠵᠠᠷ ᠰᠢᠷᠣᠶ ᠶᠢᠨ ︽ᠰᠠᠭᠤᠷᠢ ᠶᠢ ᠶᠡᠭᠡ ᠪᠠᠷ | ᠳᠡᠭᠡᠭᠰᠢᠯᠡᠭᠦᠯᠬᠦ︾ ᠲᠤᠭ᠎ᠠ ᠪᠠᠷᠢᠮᠲᠠ ᠶᠢᠨ ᠬᠥᠮᠥᠷᠭᠡ ᠶᠢ ᠬᠡᠷᠡᠭᠯᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠭᠠᠵᠠᠷ ᠤᠨ ᠵᠢᠷᠤᠭ ᠢ ᠪᠠᠶᠢᠭᠤᠯᠵᠤ᠂ ᠭᠠᠵᠠᠷ ᠰᠢᠷᠣᠶ ᠶᠢᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠤᠨ᠂ | ᠦᠯᠡᠳᠡᠭᠡᠯ ᠬᠡᠷᠡᠭᠯᠡᠭᠡᠨ ᠤ ᠭᠠᠵᠠᠷ ᠢ ᠠᠮᠢᠳᠤᠯᠢᠭ ᠪᠣᠯᠭᠠᠨ᠎ᠠ᠃ ᠡᠯ᠎ᠡ ᠬᠤᠰᠢᠭᠤ ᠰᠢᠶᠠᠨ ᠬᠤᠲᠠ ᠶᠢ ᠵᠢᠯᠣᠭᠤᠳᠬᠤ | ᠡᠷᠴᠢᠮ ᠢᠶᠠᠨ ᠴᠢᠩᠭᠠᠷᠠᠭᠤᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠵᠡᠷᠭᠡ | ᠠᠷᠭ᠎ᠠ ᠮᠠᠶ᠋ᠢᠭ ᠢᠶᠠᠷ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠦᠨ᠎ᠡ᠃ 2023 ᠣᠨ ᠳᠤ ᠰᠢᠩᠭᠡᠭᠡᠵᠦ ᠰᠢᠢᠳᠪᠦᠷᠢᠯᠡᠬᠦ ᠶᠢ ᠵᠥᠪᠰᠢᠶᠡᠷᠡᠭᠰᠡᠨ ᠪᠣᠯᠪᠠᠴᠤ ᠬᠠᠩᠭᠠᠭᠰᠠᠨ | ᠥᠬᠡᠶ ᠭᠠᠵᠠᠷ ᠰᠢᠷᠣᠶ 0.76 ᠲᠦᠮᠡᠨ ᠮᠥ᠂ ᠰᠤᠯᠠ ᠲᠠᠯᠪᠢᠭᠰᠠᠨ ᠭᠠᠵᠠᠷ ᠰᠢᠷᠣᠶ 0.14 ᠲᠦᠮᠡᠨ ᠮᠥ ᠪᠠᠶᠢᠬᠤ ᠶᠢ | ᠦᠨᠡᠨᠬᠦ ᠪᠠᠲᠤᠯᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | 47᠂ ᠦᠢᠯᠡᠳᠬᠦ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ | ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 2 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠦᠨ | ᠬᠡᠷᠡᠭᠵᠢᠭᠦᠯᠵᠦ᠂ ᠵᠢᠯ ᠳᠤ ᠡᠨᠧᠷᠭᠢ ᠠᠷᠪᠢᠯᠠᠬᠤ ᠬᠡᠮᠵᠢᠶ᠎ᠡ 2.45 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ | ᠪᠡᠶᠡᠯᠡᠭᠦᠯᠦᠨ᠎ᠡ᠃ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠶᠢᠨ 503m ᠸᠧᠨᠼᠢ 3 ᠥᠨᠳᠥᠷ ᠵᠤᠤᠬ᠎ᠠ᠂ | 616m ᠸᠧᠨᠼᠢ 3 ᠶᠢᠨ ᠬᠢᠵᠠᠭᠠᠷᠯᠠᠯ ᠤᠨ ᠲᠦᠷᠦᠯ ᠤᠨ ᠥᠨᠳᠥᠷ ᠵᠤᠤᠬ᠎ᠠ ᠶᠢ 2023 ᠣᠨ ᠤ ᠰᠡᠭᠦᠯᠴᠢ ᠠᠴᠠ | ᠡᠮᠦᠨ᠎ᠡ ᠪᠤᠴᠠᠭᠠᠵᠤ ᠭᠠᠷᠭᠠᠬᠤ ᠶᠢ ᠠᠬᠢᠭᠤᠯᠵᠤ᠂ 1200m ᠸᠧᠨᠼᠢ 3 ᠥᠨᠳᠥᠷ ᠵᠤᠤᠬ᠎ᠠ ᠶᠢ ᠲᠣᠭᠲᠠᠭᠰᠠᠨ | ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢᠨ ᠬᠠᠮᠲᠤ 503m ᠸᠧᠨᠼᠢ 3 ᠥᠨᠳᠥᠷ ᠵᠤᠤᠬ᠎ᠠ᠂ | 616m ᠸᠧᠨᠼᠢ 3 ᠶᠢᠨ ᠬᠢᠵᠠᠭᠠᠷᠯᠠᠯ ᠤᠨ ᠲᠦᠷᠦᠯ ᠤᠨ ᠥᠨᠳᠥᠷ ᠵᠤᠤᠬ᠎ᠠ ᠶᠢ ᠨᠤᠷᠠᠭᠠᠬᠤ ᠠᠵᠢᠯ ᠢ ᠰᠠᠶᠢᠲᠤᠷ | ᠬᠢᠨ᠎ᠠ᠃ ᠪᠣᠬᠢᠷᠲᠤᠯ ᠥᠬᠡᠶ ᠦᠢᠯᠡᠳᠬᠦ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠥᠷᠨᠢᠭᠦᠯᠵᠦ᠂ 1 | ᠡᠷᠦᠬᠡ ᠠᠴᠠ ᠳᠡᠭᠡᠭᠰᠢ ᠪᠣᠬᠢᠷᠲᠤᠯ ᠥᠬᠡᠶ ᠦᠢᠯᠡᠳᠪᠦᠷᠢ ᠶᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ ᠶᠢᠨ ᠹᠧᠩ ᠴᠢᠩ ᠶᠤᠸᠠᠨ ᠤ ᠪᠣᠬᠢᠷᠲᠤᠯ ᠥᠬᠡᠶ ᠴᠠᠬᠢᠯᠭᠠᠨ ᠬᠠᠩᠭᠠᠬᠤ ᠵᠡᠷᠭᠡ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠢᠳᠡᠪᠬᠢᠲᠡᠶ ᠪᠠᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠢ | ᠰᠢᠩᠭᠡᠭᠡᠬᠦ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠠᠵᠤ ᠦᠢᠯᠡᠳᠪᠦᠷᠢᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 48᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠪᠠ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠵᠤᠵᠠᠭᠠᠨ ᠪᠥᠭᠡᠳ ᠥᠨᠳᠥᠷ | ᠬᠦᠴᠦᠯᠡᠴᠡ ᠲᠠᠢ ᠰᠦᠯᠢᠶᠣᠣ ᠪᠦᠷᠬᠦᠪᠴᠢ ᠶᠢ 50 ᠲᠦᠮᠡᠨ ᠮᠥ᠂ ᠪᠥᠬᠦ ᠠᠮᠢᠳᠤ ᠪᠣᠳᠠᠰ ᠤᠨ ᠵᠠᠳᠠᠷᠠᠵᠤ ᠪᠣᠯᠬᠤ | ᠰᠦᠯᠢᠶᠣᠣ ᠪᠦᠷᠬᠦᠪᠴᠢ ᠶᠢ 15 ᠲᠦᠮᠡᠨ ᠮᠥ ᠳᠡᠯᠭᠡᠷᠡᠭᠦᠯᠦᠨ ᠬᠡᠷᠡᠭᠯᠡᠵᠦ᠂ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠭᠤᠤᠯᠳᠠᠯᠭ᠎ᠠ ᠲᠠᠢ ᠰᠢᠶᠠᠨ ᠢ 1 ᠡᠭᠦᠳᠦᠨ ᠪᠠᠶᠢᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | 49᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠪᠥᠬᠦ ᠵᠢᠯ ᠳᠤ | ᠣᠷᠭᠠᠨᠢᠭ ᠪᠣᠷᠲᠣᠭᠤᠷ ᠣᠷᠣᠭᠤᠯᠬᠤ ᠲᠠᠯᠠᠪᠠᠶ ᠶᠢ 500 ᠲᠦᠮᠡᠨ ᠮᠥ ᠨᠡᠮᠡᠭᠳᠡᠭᠦᠯᠵᠦ᠂ ᠪᠣᠬᠢᠷᠲᠤᠯ ᠥᠬᠡᠶ | ᠰᠡᠷᠭᠡᠶᠢᠯᠡᠨ ᠡᠵᠡᠮᠳᠡᠬᠦ ᠲᠠᠯᠠᠪᠠᠶ ᠶᠢ 600 ᠲᠦᠮᠡᠨ ᠮᠥ ᠳᠤ ᠬᠦᠷᠦᠭᠦᠯᠵᠦ᠂ ᠨᠢᠭᠡᠳᠦᠯᠲᠡᠶ ᠰᠡᠷᠭᠡᠶᠢᠯᠡᠨ ᠡᠵᠡᠮᠳᠡᠬᠦ | ᠲᠠᠯᠠᠪᠠᠶ ᠶᠢ 540 ᠲᠦᠮᠡᠨ ᠮᠥ ᠳᠤ ᠬᠦᠷᠦᠭᠦᠯᠵᠦ᠂ ᠬᠥᠷᠥᠰᠥ ᠰᠢᠷᠣᠶ ᠶᠢ ᠬᠡᠮᠵᠢᠬᠦ ᠨᠠᠶᠢᠷᠠᠯᠭ᠎ᠠ ᠶᠢᠨ ᠮᠡᠷᠭᠡᠵᠢᠯ ᠤᠨ | ᠪᠦᠷᠬᠦᠴᠡ ᠶᠢᠨ ᠨᠣᠷᠮ᠎ᠠ ᠶᠢ 90% ᠳᠤ ᠬᠦᠷᠦᠭᠦᠯᠵᠦ᠂ ᠮᠥ ᠪᠦᠷᠢ ᠶᠢᠨ ᠳᠤᠮᠳᠠᠴᠢ ᠬᠢᠮᠢ ᠶᠢᠨ ᠪᠣᠷᠲᠣᠭᠤᠷ ᠤᠨ | ᠬᠡᠷᠡᠭᠯᠡᠬᠦ ᠬᠡᠮᠵᠢᠶ᠎ᠡ ᠶᠢ ᠮᠥ ᠪᠦᠷᠢ ᠳᠤ 19 ᠺᠢᠯᠣᠭ᠍ᠷᠠᠮ / ᠮᠥ ᠠᠴᠠ ᠳᠣᠤᠷ᠎ᠠ ᠪᠠᠶᠢᠯᠭᠠᠵᠤ᠂ ᠮᠥ ᠪᠦᠷᠢ ᠶᠢᠨ ᠳᠤᠮᠳᠠᠴᠢ | ᠲᠠᠷᠢᠶᠠᠨ ᠡᠮ ᠤᠨ ᠬᠡᠷᠡᠭᠯᠡᠬᠦ ᠬᠡᠮᠵᠢᠶ᠎ᠡ ᠶᠢ ᠮᠥ ᠪᠦᠷᠢ ᠳᠤ 0.3 ᠺᠢᠯᠣᠭ᠍ᠷᠠᠮ / ᠮᠥ ᠠᠴᠠ ᠳᠣᠤᠷ᠎ᠠ ᠪᠠᠶᠢᠯᠭᠠᠬᠤ ᠶᠢ | ᠦᠨᠡᠨᠬᠦ ᠪᠠᠲᠤᠯᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | 50᠂ ᠵᠢᠯ ᠤᠨ ᠳᠣᠲᠣᠷ᠎ᠠ 10 ᠠᠵᠤ ᠠᠬᠤᠶᠢᠯᠠᠯ᠂ 22 ᠪᠦᠲᠦᠭᠡᠭᠳᠡᠬᠦᠨ ᠪᠠ ᠪᠣᠬᠢᠷᠲᠤᠯ ᠥᠬᠡᠶ ᠢᠳᠡᠭᠡᠨ ᠤ | ᠪᠥᠬᠦ ᠵᠢᠯ ᠤᠨ ᠲᠤᠭ᠎ᠠ ᠵᠢᠴᠢ 10 ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ | ᠠᠵᠢᠯ ᠤᠨ ᠡᠭᠦᠷᠭᠡ ᠶᠢ ᠪᠡᠶᠡᠯᠡᠭᠦᠯᠵᠦ᠂ 16 ᠦᠢᠯᠡᠳᠪᠦᠷᠢᠯᠡᠯ ᠤᠨ ᠭᠤᠤᠯ ᠴᠣᠭᠴᠠ ᠶᠢᠨ ᠠᠮᠠᠯᠠᠯᠲᠠ ᠶᠢᠨ | ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠨᠠᠶᠢᠳᠠᠪᠤᠷᠢᠵᠢᠭᠤᠯᠬᠤ ᠶᠢ ᠰᠢᠨ᠎ᠡ ᠪᠠᠷ ᠠᠬᠢᠭᠤᠯᠵᠤ᠂ | ᠪᠥᠬᠦ ᠠᠶᠢᠮᠠᠭ ᠤᠨ ᠶᠡᠷᠦᠩᠬᠡᠶ ᠲᠤᠭ᠎ᠠ ᠶᠢ 86 ᠪᠣᠯᠭᠠᠵᠤ᠂ ᠨᠠᠶᠢᠳᠠᠪᠤᠷᠢᠵᠢᠭᠤᠯᠬᠤ ᠶᠣᠰᠣᠲᠠᠶ ᠭᠤᠤᠯ ᠴᠣᠭᠴᠠ ᠶᠢᠨ | ᠶᠡᠷᠦᠩᠬᠡᠶ ᠲᠤᠭ᠎ᠠ ᠶᠢᠨ 100% ᠳᠤ ᠬᠦᠷᠦᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ︶ | 51᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠳᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠂ ᠰᠢᠨ᠎ᠡ ᠪᠠᠷ ᠪᠠᠶᠢᠭᠤᠯᠤᠭᠰᠠᠨ ᠠᠭᠤᠷᠬᠠᠶ ᠶᠢ ᠪᠦᠬᠦᠨ ᠢ ᠪᠣᠬᠢᠷᠲᠤᠯ ᠥᠬᠡᠶ ᠠᠭᠤᠷᠬᠠᠶ ᠶᠢᠨ | ᠪᠠᠷᠢᠮᠵᠢᠶ᠎ᠠ ᠳᠤ ᠬᠦᠷᠦᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ | ᠳᠤᠷᠠᠳᠤᠭᠰᠠᠨ ᠭᠠᠵᠠᠷ ᠬᠡᠷᠡᠭᠯᠡᠬᠦ ᠭᠠᠷᠳᠠᠮ᠂ ᠣᠶ ᠰᠢᠭᠤᠶ ᠡᠪᠡᠰᠦ ᠪᠡᠯᠴᠢᠭᠡᠷ ᠤᠨ ᠭᠠᠷᠳᠠᠮ᠂ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠵᠡᠷᠭᠡ ᠶᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠨᠢᠭᠡ ᠫᠢᠶᠣᠣ ᠪᠠᠷ ᠦᠭᠡᠶᠢᠰᠬᠡᠬᠦ ᠵᠦᠢᠯᠡᠰ ᠪᠣᠯᠭᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ︶ | 52᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠠᠬᠢᠯᠭᠠᠨ ᠤ ᠦᠢᠯᠡᠳᠪᠦᠷᠢ ᠶᠢᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠵᠢᠯ ᠤᠨ | ᠳᠣᠲᠣᠷ᠎ᠠ ᠪᠠᠶᠢᠭᠤᠯᠤᠨ ᠳᠠᠭᠤᠰᠬᠠᠵᠤ ᠲᠣᠤᠷ ᠲᠤ ᠨᠡᠶᠢᠯᠡᠭᠦᠯᠬᠦ ᠪᠠᠷ ᠴᠢᠷᠮᠠᠶᠢᠵᠤ᠂ ᠪᠥᠬᠦ ᠠᠶᠢᠮᠠᠭ ᠤᠨ ᠨᠡᠭᠦᠷᠡᠰᠦ | ᠰᠢᠲᠠᠭᠠᠵᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠳᠤᠮᠳᠠᠴᠢ ᠴᠠᠬᠢᠯᠭᠠᠨ ᠬᠠᠩᠭᠠᠬᠤ ᠨᠡᠭᠦᠷᠡᠰᠦᠨ ᠤ | ᠬᠤᠷᠣᠭᠳᠠᠯ ᠢ ᠦᠷᠭᠦᠯᠵᠢᠯᠡᠨ ᠪᠠᠭᠤᠷᠠᠭᠤᠯᠬᠤ ᠶᠢ ᠠᠬᠢᠭᠤᠯᠤᠨ᠎ᠠ᠃ ᠴᠠᠬᠢᠯᠭᠠᠨ ᠬᠦᠴᠦᠨ ᠤ ᠬᠠᠩᠭᠠᠯᠭ᠎ᠠ | ᠬᠡᠷᠡᠭᠴᠡᠭᠡ ᠶᠢ ᠲᠡᠩᠴᠡᠭᠦᠷᠢᠲᠡᠶ ᠪᠠᠶᠢᠯᠭᠠᠬᠤ᠂ ᠴᠠᠬᠢᠯᠭᠠᠨ ᠬᠦᠴᠦᠨ ᠤ ᠰᠢᠰᠲ᠋ᠧᠮ ᠤᠨ ᠠᠶᠤᠯᠭᠦᠶ ᠪᠠᠶᠢᠬᠤ ᠪᠠ | ᠲᠣᠬᠢᠷᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠵᠦ᠂ ᠰᠢᠨ᠎ᠡ ᠪᠠᠷ | ᠨᠡᠮᠡᠭᠳᠡᠭᠦᠯᠬᠦ ᠨᠡᠭᠦᠷᠡᠰᠦ ᠴᠠᠬᠢᠯᠭᠠᠨ ᠤ ᠬᠡᠪᠴᠢᠶ᠎ᠡ ᠶᠢ 35 ᠲᠦᠮᠡᠨ ᠺᠢᠯᠣᠸᠠᠲ ᠲᠤ ᠬᠦᠷᠭᠡᠬᠦ ᠪᠠᠷ ᠲᠣᠭᠲᠠᠭᠠᠵᠤ᠂ | ᠰᠢᠨ᠎ᠡ ᠪᠠᠷ ᠪᠠᠶᠢᠭᠤᠯᠬᠤ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠤᠷᠬᠢᠯ ᠤᠨ ᠬᠡᠮᠵᠢᠶ᠎ᠡ ᠶᠢ | ᠲᠣᠬᠢᠷᠠᠭᠤᠯᠬᠤ ᠴᠢᠳᠠᠪᠤᠷᠢ ᠶᠢᠨ ᠲᠤᠬᠠᠶ ᠤᠯᠤᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︶ | 53᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠤᠰᠤᠨ ᠤ ᠡᠬᠢ ᠪᠠᠶᠠᠯᠢᠭ ᠤᠨ ᠤᠯᠠᠭᠠᠨ ᠱᠤᠭᠤᠮ ᠤᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠤᠨ᠂ ᠪᠥᠬᠦ | ᠵᠢᠯ ᠳᠤ ᠪᠥᠬᠦ ᠠᠶᠢᠮᠠᠭ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 16.1 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠥᠬᠦ ᠥᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠣᠰ ᠲᠣᠰ 2020 ᠣᠨ ᠤ ᠬᠢ ᠠᠴᠠ | 6%᠂ 7% ᠪᠠᠷ ᠪᠠᠭᠤᠷᠠᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠤᠰᠤᠨ ᠠᠰᠢᠭᠯᠠᠯᠲᠠ ᠶᠢᠨ | ᠲᠣᠪᠴᠢᠶ᠎ᠠ︶ | 54᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠭᠠᠮᠨᠠᠨ ᠠᠰᠢᠭᠯᠠᠬᠤ ᠶᠢ ᠭᠦᠨᠵᠡᠭᠡᠶ ᠠᠬᠢᠭᠤᠯᠵᠤ᠂ | ᠪᠣᠯᠣᠳ ᠲᠡᠮᠦᠷ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠳᠪᠦᠷᠢ ᠪᠠ | ᠦᠢᠯᠡᠴᠢᠯᠡᠭᠡᠨ ᠤᠦᠢᠯᠡᠰ ᠤᠨ ᠨᠢᠭᠡᠴᠢ ᠶᠢᠨ ᠬᠡᠷᠡᠭᠯᠡᠬᠦ ᠤᠰᠤ ᠶᠢ ᠲᠣᠭᠲᠠᠭᠰᠠᠨ ᠨᠣᠷᠮ᠎ᠠ ᠪᠠᠷ ᠪᠠᠷᠢᠮᠵᠢᠶ᠎ᠠ ᠳᠤ | ᠬᠦᠷᠦᠭᠦᠯᠬᠦ ᠠᠵᠢᠯᠯᠠᠭ᠎ᠠ ᠶᠢ ᠥᠷᠨᠢᠭᠦᠯᠵᠦ᠂ ᠪᠥᠬᠦ ᠠᠶᠢᠮᠠᠭ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ | ᠠᠬᠢᠭᠤᠯᠵᠤ᠂ ᠤᠰᠤ ᠲᠠᠲᠠᠬᠤ ᠵᠥᠪᠰᠢᠶᠡᠷᠡᠯ ᠤᠨ ᠶᠡᠭᠡ ᠪᠠᠷ ᠡᠬᠢᠯᠡᠵᠦ ᠢᠷᠣᠭᠠᠷ ᠲᠤ ᠰᠤᠯᠠ ᠪᠠᠶᠢᠬᠤ ᠤᠰᠤᠨ ᠤ | ᠭᠦᠢᠴᠡᠳᠭᠡᠯ ᠲᠤᠭ᠎ᠠ ᠶᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠪᠡᠶᠡᠯᠡᠭᠦᠯᠵᠦ᠂ ᠪᠣᠬᠢᠷ ᠤᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠠᠶᠢᠮᠠᠭ ᠤᠨ ᠬᠡᠪ ᠤᠨ ᠪᠤᠰᠤ | ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠬᠡᠮᠵᠢᠶ᠎ᠡ ᠶᠢ 450 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ | ᠳᠣᠤᠷ᠎ᠠ ᠪᠠᠶᠢᠯᠭᠠᠬᠤ ᠥᠬᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ︶ | 55᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ ᠶᠢ ᠭᠦᠨᠵᠡᠭᠡᠶ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ | ᠥᠨᠳᠥᠷ﹀ ᠲᠥᠷᠥᠯ ᠵᠦᠢᠯ ᠤᠨ ᠳᠣᠤᠷ᠎ᠠ ᠬᠢᠷᠢ ᠬᠡᠮᠵᠢᠶ᠎ᠡ ᠪᠠᠷ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ | ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ | ᠲᠣᠭᠤᠷᠢᠨ ᠤ ᠪᠠᠯᠠ ᠮᠥᠩᠭᠦ ﹇2022﹈ 1127 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠶ ᠪᠣᠬᠢᠷᠲᠤᠭᠤᠯᠤᠯ ᠶᠡᠬᠡᠲᠡᠶ ᠭᠠᠳᠠᠭᠰᠢᠯᠠᠭᠤᠯᠬᠤ ᠲᠥᠷᠥᠯ ᠵᠦᠢᠯ ᠤᠨ | ᠵᠥᠪᠰᠢᠶᠡᠷᠡᠨ ᠣᠷᠣᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠪᠥᠬᠦ ᠠᠶᠢᠮᠠᠭ ᠤᠨ ᠪᠠᠶᠢᠭᠤᠯᠬᠤ ᠪᠠᠷ ᠪᠠᠶᠢᠭ᠎ᠠ᠂ | ᠪᠠᠶᠢᠭᠤᠯᠵᠤ ᠪᠠᠶᠢᠭ᠎ᠠ ᠪᠠ ᠦᠯᠡᠳᠡᠭᠡᠯ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠭᠠᠳᠠᠭᠰᠢᠯᠠᠭᠤᠯᠬᠤ ᠲᠥᠷᠥᠯ | ᠵᠦᠢᠯ ᠳᠤ ᠲᠣᠳᠣᠷᠬᠠᠶ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠦᠢᠯᠡᠳᠪᠦᠷᠢᠡᠯᠯ ᠢ ᠬᠢᠨᠠᠨ ᠬᠠᠷᠭᠤᠭᠤᠯᠬᠤ ᠶᠢᠨ | ᠬᠡᠷᠡᠭᠵᠢᠭᠦᠯᠬᠦ ᠨᠠᠷᠢᠨ ᠲᠦᠷᠢᠮ︾ ᠢ ᠴᠢᠩᠭ᠎ᠠ ᠬᠡᠷᠡᠭᠵᠢᠭᠦᠯᠦᠨ᠎ᠡ ︵ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠡᠬᠢ ᠪᠠᠶᠠᠯᠢᠭ ᠤᠨ ᠥᠭᠡᠷᠡᠴᠢᠯᠡᠯᠲᠡ ︵2020 ᠣᠨ︶ | 1073 ᠳ᠋ᠤᠭᠠᠷ ᠲᠣᠭᠠᠲᠤ︶ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ | ᠬᠤᠶᠠᠷ ᠠᠴᠠ ᠳᠠᠪᠠᠭᠰᠠᠨ︾ ᠠᠵᠤ ᠠᠬᠤᠶᠢᠯᠠᠯ ᠤᠨ ᠭᠠᠷᠴᠠᠭ ᠤᠨ ᠨᠡᠷᠡᠰ ᠲᠠᠢ ᠤᠶᠠᠯᠳᠤᠭᠤᠯᠤᠨ᠂ ᠮᠠᠨ ᠤ | ᠠᠶᠢᠮᠠᠭ ᠤᠨ ᠪᠣᠯᠣᠳ ᠲᠡᠮᠦᠷ᠂ ᠪᠠᠷᠢᠯᠭ᠎ᠠ ᠶᠢᠨ ᠮᠠᠲ᠋ᠧᠷᠢᠶᠠᠯ᠂ ᠥᠩᠭᠡᠲᠦ ᠲᠡᠮᠦᠷᠯᠢᠭ ᠵᠡᠷᠭᠡ ᠬᠢᠨᠠᠨ ᠬᠠᠷᠭᠤᠭᠤᠯᠬᠤ | ᠬᠡᠪᠴᠢᠶᠡᠨ ᠳᠤ ᠨᠡᠶᠢᠴᠡᠬᠦ ᠭᠤᠤᠯᠳᠠᠯᠭ᠎ᠠ ᠲᠠᠢ ᠠᠵᠤ ᠠᠬᠤᠶᠢᠯᠠᠯ ᠳᠤ ᠠᠯᠪᠠᠳᠠᠯᠭ᠎ᠠ ᠶᠢᠨ ᠴᠢᠨᠠᠷᠲᠠᠶ ᠠᠷᠢᠭᠤᠨ | ᠴᠡᠪᠡᠷ ᠤᠨ ᠬᠢᠨᠠᠨ ᠬᠠᠷᠭᠤᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠤᠯᠠᠭᠠᠨᠬᠤᠳᠠ ᠪᠣᠯᠣᠳ ᠲᠡᠮᠦᠷ ᠤᠨ | ᠺᠣᠮᠫᠠᠨᠢ ᠶᠢᠨ 240 ᠮᠤ᠋ ᠰᠢᠲᠠᠭᠠᠨ ᠪᠠᠷᠢᠯᠳᠤᠭᠤᠯᠬᠤ ᠮᠠᠰᠢᠨ ᠤ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ | ᠥᠭᠡᠷᠡᠴᠢᠯᠡᠬᠦ ᠲᠥᠷᠥᠯ ᠵᠦᠢᠯ᠂ ᠵᠠᠯᠠᠶᠢᠳ ᠬᠤᠰᠢᠭᠤᠨ ᠤ ᠠᠭᠤᠯᠠ ᠤᠰᠤ ᠱᠦᠢᠨᠢ ᠶᠢᠨ ᠬᠢᠵᠠᠭᠠᠷᠲᠤ | ᠺᠣᠮᠫᠠᠨᠢ ᠶᠢᠨ ᠡᠰᠢ ᠰᠦᠷᠡᠯ ᠢᠶᠠᠷ ᠣᠷᠣᠯᠠᠭᠤᠯᠬᠤ ᠲᠦᠯᠡᠰᠢ ᠶᠢ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ | 2025 ᠣᠨ ᠪᠣᠯᠬᠤ ᠳᠤ ᠭᠤᠤᠯᠳᠠᠯᠭ᠎ᠠ ᠲᠠᠢ ᠠᠵᠢᠯ ᠲᠥᠷᠥᠯ ᠭᠤᠤᠯᠳᠠᠯᠭ᠎ᠠ ᠲᠠᠢ ᠠᠵᠤ ᠠᠬᠤᠶᠢᠯᠠᠯ ᠢ ᠪᠦᠬᠦᠨ ᠢ | ᠪᠠᠷᠢᠮᠵᠢᠶ᠎ᠠ ᠳᠤ ᠬᠦᠷᠦᠭᠦᠯᠦᠨ ᠥᠭᠡᠷᠡᠴᠢᠯᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 56᠂ ᠪᠠᠷᠢᠯᠭ᠎ᠠ ᠶᠢᠨ ᠡᠨᠧᠷᠭᠢ ᠠᠷᠪᠢᠯᠠᠬᠤ ᠲᠡᠷᠢᠭᠦᠨ ᠤ ᠪᠠᠷᠢᠮᠵᠢᠶ᠎ᠠ ᠶᠢᠨ ᠳᠠᠭᠠᠭᠤᠯᠤᠨ ᠭᠦᠶᠦᠬᠦ ᠠᠵᠢᠯᠯᠠᠭ᠎ᠠ ᠶᠢ | ᠬᠡᠷᠡᠭᠵᠢᠭᠦᠯᠵᠦ᠂ ᠲᠣᠰ ᠵᠢᠯ ᠤᠨ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠦᠨᠡᠨᠬᠦ | ᠪᠠᠲᠤᠯᠠᠵᠤ᠂ ᠪᠠᠷᠢᠯᠭ᠎ᠠ ᠳᠠᠭᠤᠰᠬᠠᠭᠰᠠᠨ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 81% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠯᠡᠬᠦ ᠲᠠᠯᠠᠪᠠᠶ ᠶᠢ ᠨᠡᠶᠢᠲᠡ 120 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠦᠨ᠎ᠡ᠃ ︵ᠲᠦᠷᠦᠭᠦᠯᠡᠬᠦ | ᠨᠢᠭᠡᠴᠢ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | 57᠂ ᠱᠠᠭᠠᠷᠳᠠᠯᠭ᠎ᠠ ᠶᠣᠰᠣᠭᠠᠷ 7 ᠭᠤᠤᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ ᠶᠢᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠬᠠᠷᠭᠤᠭᠤᠯᠤᠨ ᠪᠠᠶᠢᠴᠠᠭᠠᠬᠤ᠂ ᠳᠠᠬᠢᠨ ᠪᠠᠶᠢᠴᠠᠭᠠᠬᠤ ᠠᠵᠢᠯ ᠢ | ᠰᠠᠶᠢᠲᠤᠷ ᠬᠢᠵᠦ᠂ 4 ᠴᠠᠬᠢᠯᠭᠠᠨ ᠬᠦᠴᠦᠨ ᠤ ᠠᠵᠢᠯ ᠲᠥᠷᠥᠯ ᠤᠨ ᠭᠤᠤᠯᠳᠠᠯᠭ᠎ᠠ ᠲᠠᠢ ᠭᠠᠳᠠᠭᠰᠢᠯᠠᠭᠤᠯᠬᠤ | ᠨᠢᠭᠡᠴᠢ ᠶᠢ ᠰᠢᠮᠳᠠᠭᠤᠯᠵᠤ ᠪᠠᠶᠢᠭᠠᠳ ᠬᠤᠶᠠᠳᠠᠬᠢ ᠭᠡᠷ᠎ᠡ ᠭᠦᠢᠴᠡᠳᠭᠡᠬᠦ ᠬᠤᠭᠤᠴᠠᠭᠠᠨ ᠤ ᠲᠤᠭ᠎ᠠ ᠶᠢ | ᠢᠯᠭᠠᠷᠠᠭᠤᠯᠤᠨ ᠲᠤᠰᠢᠶᠠᠬᠤ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶ | 58᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ︽ᠲᠢᠶᠠᠨ | ᠵᠢᠶᠦ᠋ᠨ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠬᠤ ᠶᠢ ᠳᠥᠯᠭᠢᠨ ᠠᠬᠢᠭᠤᠯᠬᠤ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠲᠣᠭᠲᠠᠭᠠᠨ | ᠂ ᠬᠤᠰᠢᠭᠤ ᠰᠢᠶᠠᠨ ᠬᠤᠲᠠ ᠶᠢᠨ ᠪᠣᠳᠠᠲᠠᠶ ᠪᠠᠨ ᠦᠨᠳᠦᠰᠦᠯᠡᠨ ᠢᠵᠢ ᠪᠥᠷᠢᠳᠦᠭᠦᠯᠬᠦ ᠱᠠᠩᠨᠠᠵᠤ ᠨᠥᠬᠦᠪᠥᠷᠢᠯᠡᠬᠦ | ᠲᠥᠰᠦᠯ ᠲᠣᠭᠲᠠᠭᠠᠬᠤ ᠶᠢ ᠵᠣᠷᠢᠭᠵᠢᠭᠤᠯᠵᠤ᠂ ᠤᠳᠠᠴᠢ ᠮᠣᠩᠭᠤᠯ ᠡᠮ ᠤᠨ ᠵᠠᠬ᠎ᠠ ᠳᠡᠯᠭᠡᠭᠦᠷ ᠲᠤ ᠭᠠᠷᠬᠤ | ᠵᠦᠢᠯᠡᠰ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ︽ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ | ᠺᠣᠮᠫᠠᠨᠢ ᠪᠠ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢᠨ ᠬᠠᠮᠲᠤᠷᠠᠯᠴᠠᠭ᠎ᠠ ᠶᠢᠨ | ᠰᠠᠨᠠᠭᠤᠯᠤᠮᠵᠢ︾ ᠳᠤ ᠪᠣᠯᠵᠣᠨ ᠲᠣᠭᠲᠠᠭᠰᠠᠨ ᠠᠭᠤᠯᠭ᠎ᠠ ᠶᠣᠰᠣᠭᠠᠷ᠂ ᠬᠥᠷᠥᠩᠭᠡ ᠶᠢᠨ ᠵᠠᠬ᠎ᠠ ᠳᠡᠯᠭᠡᠭᠦᠷ ᠤᠨ | ᠨᠢᠭᠳᠠᠷᠠᠯ ᠤᠨ ᠬᠦᠴᠦᠨ ᠢ ᠨᠡᠮᠡᠭᠳᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠮᠥᠩᠭᠦᠨ ᠭᠦᠶ᠋ᠯᠭᠡᠭᠡᠨ ᠤ | ᠠᠯᠪᠠᠨ ᠬᠡᠷ︶ | 59᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ︽ᠬᠢᠩᠭᠠᠨ ᠠᠶᠢᠮᠠᠭ ᠤᠨ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠬᠡᠷᠡᠭᠵᠢᠭᠦᠯᠬᠦ | ᠲᠥᠰᠦᠯ ︵2023 ᠣᠨ ᠤ ᠬᠡᠪᠯᠡᠯ︶︾ ᠢ ᠨᠡᠶᠢᠲᠡᠯᠡᠨ᠂ ︽ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ | ᠬᠠᠲᠠᠭᠤ ᠴᠢᠨᠠᠷ ᠤᠨ ᠲᠡᠩᠴᠡᠭᠦᠷᠢ + ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢᠨ ᠬᠠᠷᠢᠮᠠᠬᠠᠶ | ᠴᠢᠨᠠᠷ ᠤᠨ ᠲᠡᠩᠴᠡᠭᠦᠷᠢ︾ ᠶᠢ ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠪᠠᠷ ᠪᠠᠶᠢᠭ᠎ᠠ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠲᠥᠷᠥᠯ | ᠵᠦᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢᠨ ᠬᠠᠷᠠᠯᠲᠠ ᠯᠤᠭ᠎ᠠ ᠵᠣᠯᠭᠠᠭᠤᠯᠬᠤ ᠶᠢ ᠦᠨᠡᠨᠬᠦ ᠪᠠᠲᠤᠯᠠᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ | ᠬᠦᠴᠦᠯᠡᠴᠡ ᠶᠢᠨ ᠬᠡᠪ ᠳᠠᠭᠤᠷᠢᠶᠠᠯ ᠤᠨ ᠬᠡᠮᠵᠢᠭᠳᠡᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢᠨ ᠬᠡᠪ | ᠳᠠᠭᠤᠷᠢᠶᠠᠯ ᠤᠨ ᠬᠡᠮᠵᠢᠭᠳᠡᠯ ᠢᠶᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠴᠢᠩᠭ᠎ᠠ ᠬᠢᠵᠠᠭᠠᠷᠯᠠᠯ ᠪᠣᠯᠭᠠᠵᠤ᠂ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ | ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ | ᠬᠤᠷᠣᠭᠳᠠᠭᠤᠯᠭ᠎ᠠ ᠪᠠᠷ ᠪᠠᠭ᠎ᠠ᠂ ᠨᠡᠮᠡᠯᠲᠡ ᠥᠷᠲᠡᠭ ᠢᠶᠠᠷ ᠥᠨᠳᠥᠷ ᠠᠵᠤ ᠠᠬᠤᠶᠢᠯᠠᠯ ᠢ ᠢᠳᠡᠪᠬᠢᠲᠡᠶ ᠪᠠᠷ | ᠣᠷᠣᠭᠤᠯᠵᠤ ᠠᠪᠴᠢᠷᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︶ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠦᠨᠡᠨᠬᠦ ᠴᠢᠩᠭᠠᠷᠠᠭᠤᠯᠬᠤ ᠬᠡᠷᠡᠭᠲᠡᠶ | 60᠂ ᠪᠥᠬᠦ ᠠᠶᠢᠮᠠᠭ ᠤᠨ ᠬᠥᠭᠵᠢᠯᠲᠡ ᠶᠢ ᠨᠥᠯᠥᠭᠡᠯᠡᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ | ᠶᠡᠭᠡ ᠲᠥᠷᠥᠯ ᠵᠦᠢᠯ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠳᠤ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢ | ᠠᠰ ᠲᠤᠨᠢ ᠵᠢᠭᠰᠠᠭᠠᠬᠤ ᠪᠠᠷ ᠢᠳᠡᠪᠬᠢᠲᠡᠶ ᠴᠢᠷᠮᠠᠶᠢᠨ᠎ᠠ᠃ ᠤᠯᠠᠭᠠᠨ᠂ ᠪᠥᠸᠧ ᠶᠤᠸᠠᠨ᠂ ᠮᠧᠩ ᠨᠧᠩ ᠬᠢᠩᠭᠠᠨ | ᠠᠶᠢᠮᠠᠭ ᠤᠨ ᠢᠯᠴᠢ ᠴᠠᠬᠢᠯᠭᠠᠨ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠵᠦᠶ ᠵᠣᠬᠢᠰᠲᠠᠶ ᠪᠠᠲᠤᠯᠠᠵᠤ᠂ ᠮᠧᠩ ᠵᠢᠶᠠ ᠰᠢᠲᠠᠭᠠᠯᠭ᠎ᠠ ᠶᠢᠨ ᠡᠲ᠋ᠢᠯ ᠠᠯᠺᠣᠣᠯ᠂ ᠰᠢ ᠯᠢᠦ ᠵᠢᠶᠠ | ᠪᠣᠯᠤᠨ 120 ᠲᠦᠮᠡᠨ ᠲᠣᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ᠂ ᠵᠢᠩ ᠺᠧ ᠴᠠᠬᠢᠯᠭᠠᠨ ᠭᠠᠷᠭᠠᠬᠤ | ᠭᠤᠤᠯᠳᠠᠯᠭ᠎ᠠ ᠲᠠᠢ ᠲᠥᠷᠥᠯ ᠵᠦᠢᠯ ᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ | ᠵᠦᠢᠯ ᠤᠨ ᠲᠤᠰᠠᠭᠠᠷ ᠵᠢᠭᠰᠠᠭᠠᠭᠰᠠᠨ ᠨᠠᠷᠢᠨ ᠬᠠᠭᠤᠳᠠᠰᠤᠨ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠵᠤ᠂ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠳᠤ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠵᠣᠬᠢᠴᠠᠭᠤᠯᠤᠨ ᠰᠢᠢᠳᠪᠦᠷᠢᠯᠡᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | 61᠂ ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠵᠤ᠂ ᠮᠠᠨ ᠤ ᠠᠶᠢᠮᠠᠭ ᠤᠨ | ᠤᠯᠤᠰ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤ ᠳᠤ | ᠵᠢᠭᠰᠠᠭᠠᠨ ᠣᠷᠣᠭᠤᠯᠤᠭᠰᠠᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠭᠦᠢᠴᠡᠳᠭᠡᠯ ᠲᠤᠭ᠎ᠠ ᠶᠢ ᠤᠯᠬᠤ ᠪᠠᠷ | ᠢᠳᠡᠪᠬᠢᠲᠡᠶ ᠴᠢᠷᠮᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠬᠤᠲᠠ ᠨᠢᠭᠡᠪᠦᠷᠢ ᠶᠢᠨ | ᠲᠥᠯᠥᠪᠯᠡᠭᠡ ᠶᠢᠨ ᠭᠦᠢᠴᠡᠳᠭᠡᠯ ᠲᠤᠭ᠎ᠠ ᠶᠢ 600 ᠮᠥ ᠳᠣᠭᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠠᠴᠠ | ᠰᠢᠯᠵᠢᠭᠰᠡᠨ ᠬᠥᠮᠦᠨ ᠠᠮᠠ ᠪᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠳᠡᠮᠵᠢᠬᠦ ᠵᠢᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠷᠡᠭᠯᠡᠬᠦ ᠭᠠᠵᠠᠷ | ᠰᠢᠷᠣᠶ ᠶᠢᠨ ᠬᠡᠷᠡᠭᠴᠡᠭᠡ ᠱᠠᠭᠠᠷᠳᠠᠯᠭ᠎ᠠ ᠳᠤ ᠲᠤᠰᠬᠠᠶ ᠬᠡᠷᠡᠭᠯᠡᠨ᠎ᠡ᠃ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ 2023 ᠣᠨ ᠳᠤ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ 1.4 ᠲᠦᠮᠡᠨ ᠮᠥ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ | ᠦᠨᠡᠨᠬᠦ ᠪᠠᠲᠤᠯᠠᠨ᠎ᠠ᠃ ᠪᠥᠬᠦ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ︽ᠣᠷᠣᠨ | ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ︾ ᠤᠨ ᠵᠠᠭᠪᠤᠷ ᠢ ᠬᠡᠷᠡᠭᠵᠢᠭᠦᠯᠵᠦ᠂ 2023 ᠣᠨ ᠤ | ᠵᠢᠯ ᠤᠨ ᠰᠡᠭᠦᠯᠴᠢ ᠠᠴᠠ ᠡᠮᠦᠨ᠎ᠡ ︽ᠪᠠᠷᠢᠮᠵᠢᠶᠠᠲᠤ ᠭᠠᠵᠠᠷ︾ ᠤᠨ ᠰᠢᠨ᠎ᠡ ᠪᠠᠷ ᠨᠡᠮᠡᠭᠳᠡᠭᠰᠡᠨ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠳᠤ ᠡᠵᠡᠯᠡᠬᠦ ᠬᠠᠷᠢᠴᠠᠯ ᠢ 30% ᠳᠤ | ᠬᠦᠷᠦᠭᠦᠯᠬᠦ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ︶ | 62᠂ ᠮᠠᠨ ᠤ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠯᠡᠯ᠂ ᠭᠤᠤᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠵᠠᠯᠠᠭᠤ | ᠴᠢᠳᠠᠪᠤᠷᠢᠲᠠᠨ ᠢ ᠰᠣᠩᠭᠤᠨ ᠬᠥᠮᠦᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠲᠠᠯ᠎ᠠ | ᠨᠤᠲᠤᠭ ᠤᠨ ᠴᠢᠳᠠᠪᠤᠷᠢᠲᠠᠨ︾ ᠤ ᠵᠠᠯᠠᠭᠤᠴᠤᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠵᠢᠯ ᠤᠨ | ᠤᠬᠠᠭᠤᠯᠭ᠎ᠠ ᠶᠢᠨ ᠡᠷᠴᠢᠮ ᠢ ᠴᠢᠩᠭᠠᠳᠬᠠᠨ᠂ ᠮᠠᠨ ᠤ ᠠᠶᠢᠮᠠᠭ ᠤᠨ ᠪᠠᠲᠤᠯᠠᠨ ᠲᠠᠨᠢᠯᠴᠠᠭᠤᠯᠬᠤ ᠠᠵᠢᠯ ᠢ ᠴᠢᠨᠠᠷ | ᠴᠢᠨᠰᠠᠭ᠎ᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 63᠂ ᠴᠢᠬᠤᠯᠠ ᠶᠡᠭᠡ ᠲᠥᠷᠥᠯ ᠵᠦᠢᠯ ᠤᠨ ᠠᠶᠢᠮᠠᠭ ᠤᠨ ᠲᠣᠰ ᠱᠠᠲᠤᠨ ᠤ ᠤᠳᠤᠷᠢᠳᠤᠯᠭ᠎ᠠ ᠶᠢᠨ | ᠳᠠᠭᠠᠭᠠᠴᠢᠯᠠᠨ ᠬᠤᠯᠪᠣᠭᠠᠯᠠᠬᠤ᠂ ᠴᠢᠬᠤᠯᠠ ᠶᠡᠭᠡ ᠲᠥᠷᠥᠯ ᠵᠦᠢᠯ ᠤᠨ ᠲᠣᠪᠴᠢᠶ᠎ᠠ ᠶᠢᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠲᠣᠭᠲᠠᠴᠠ ᠶᠢ ᠦᠷᠭᠦᠯᠵᠢᠯᠡᠨ ᠪᠠᠳᠠᠷᠠᠭᠤᠯᠵᠤ᠂ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠭᠡᠬᠦ ᠠᠴᠠ ᠡᠬᠢᠯᠡᠨ ᠪᠥᠲᠥᠭᠡᠨ ᠪᠠᠶᠢᠭᠤᠯᠬᠤ᠂ ᠳᠠᠬᠢᠨ ᠪᠠᠷᠢᠯᠭ᠎ᠠ ᠳᠠᠭᠤᠰᠴᠤ | ᠠᠰᠢᠭᠯᠠᠯᠲᠠ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠳᠤ ᠲᠤᠯᠭᠠᠷᠠᠭᠰᠠᠨ ᠠᠰᠠᠭᠤᠳᠠᠯ ᠢ ᠭᠤᠤᠯᠳᠠᠯᠭ᠎ᠠ ᠲᠠᠢ | ᠰᠢᠢᠳᠪᠦᠷᠢᠯᠡᠨ᠎ᠡ᠃ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ ᠤᠨ ︽ᠲᠥᠪᠯᠡᠷᠡᠭᠦᠯᠦᠨ ᠬᠢᠨᠠᠨ | ᠵᠥᠪᠰᠢᠶᠡᠷᠡᠬᠦ ᠠᠵᠢᠯᠯᠠᠭ᠎ᠠ︾ ᠶᠢ ᠥᠷᠨᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠭᠡᠬᠦ ᠠᠬᠢᠴᠠ ᠶᠢ ᠲᠦᠷᠭᠡᠳᠬᠡᠨ᠂ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢ | ᠪᠠᠶᠢᠩᠭᠤᠵᠢᠭᠤᠯᠤᠨ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠪᠠᠯᠠ | ᠣᠷᠣᠭᠤᠯᠤᠯᠲᠠ ᠶᠢᠨ ᠲᠥᠯᠥᠪᠯᠡᠭᠡ ᠪᠠ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠢᠶᠠᠷ ᠠᠯᠬᠤᠮ ᠳᠠᠷᠠᠭ᠎ᠠ ᠲᠠᠢ ᠠᠬᠢᠭᠤᠯᠬᠤ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ | ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 64᠂ 2023 ᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠢ | ᠲᠥᠪᠯᠡᠷᠡᠭᠦᠯᠦᠨ ᠡᠬᠢᠯᠡᠭᠦᠯᠬᠦ ᠪᠠ ᠠᠵᠢᠯ ᠰᠡᠷᠭᠦᠭᠡᠬᠦ ᠶᠣᠰᠣᠯᠠᠯ ᠢ ᠨᠠᠷᠢᠨ ᠬᠢᠨᠠᠮᠠᠭᠠᠶ ᠪᠡᠯᠡᠳᠬᠡᠵᠦ᠂ ᠡᠬᠢᠯᠡᠭᠦᠯᠬᠦ ᠪᠠ | ᠠᠵᠢᠯ ᠰᠡᠷᠭᠦᠭᠡᠬᠦ ᠲᠥᠷᠥᠯ ᠵᠦᠢᠯ ᠢ ᠤᠷᠢᠳᠴᠢᠯᠠᠨ ᠡᠮᠬᠢᠯᠡᠨ ᠲᠥᠯᠥᠪᠯᠡᠵᠦ᠂ ᠡᠯ᠎ᠡ ᠵᠦᠢᠯ ᠤᠨ ᠠᠵᠢᠯ ᠡᠬᠢᠯᠡᠭᠦᠯᠬᠦ | ᠨᠥᠬᠦᠴᠡᠯ ᠢ ᠢᠳᠡᠪᠬᠢᠲᠡᠶ ᠨᠠᠶᠢᠳᠠᠪᠤᠷᠢᠵᠢᠭᠤᠯᠤᠨ᠂ ᠪᠠᠷᠢᠯᠭ᠎ᠠ ᠪᠠᠷᠢᠬᠤ ᠰᠢᠵᠢᠷ ᠠᠯᠲᠠᠨ ᠬᠤᠭᠤᠴᠠᠭ᠎ᠠ ᠶᠢ ᠠᠮᠵᠢᠨ | ᠠᠳᠬᠤᠵᠤ᠂ ᠪᠥᠬᠦ ᠠᠶᠢᠮᠠᠭ ᠤᠨ ᠪᠠᠯᠠ ᠣᠷᠣᠭᠤᠯᠤᠯᠲᠠ ᠶᠢᠨ ᠬᠠᠯᠠᠭᠤᠨ ᠥᠷᠨᠢᠯᠲᠡ ᠶᠢ ᠪᠣᠶ ᠪᠣᠯᠭᠠᠨ᠎ᠠ᠃ ︵ | ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 65᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠯᠲᠡᠶ ᠠᠵᠤ | ᠦᠢᠯᠡᠰ ᠤᠨ ᠪᠥᠭᠡᠮᠨᠡᠷᠡᠯ ᠤᠨ ᠠᠵᠤ ᠦᠢᠯᠡᠰ ᠤᠨ ᠬᠡᠯᠬᠢᠶ᠎ᠡ ᠶᠢᠨ ᠪᠦᠷᠢᠳᠬᠡᠬᠦ ᠠᠷᠭ᠎ᠠ ᠶᠢᠨ ᠲᠦᠷᠢᠮ ᠢ ᠴᠢᠩᠭ᠎ᠠ | ᠬᠡᠷᠡᠭᠵᠢᠭᠦᠯᠵᠦ᠂ ᠡᠯ᠎ᠡ ᠠᠵᠤ ᠦᠢᠯᠡᠰ ᠤᠨ ᠪᠥᠭᠡᠮᠨᠡᠷᠡᠯ ᠤᠨ ᠠᠵᠤ ᠦᠢᠯᠡᠰ ᠤᠨ ᠬᠡᠯᠬᠢᠶ᠎ᠡ ᠶᠢᠨ ᠪᠠᠯᠠ | ᠣᠷᠣᠭᠤᠯᠤᠯᠲᠠ᠂ ᠦᠢᠯᠡᠳᠪᠦᠷᠢᠯᠡᠯ᠂ ᠦᠷ᠎ᠡ ᠠᠰᠢᠭ ᠵᠡᠷᠭᠡ ᠭᠤᠤᠯ ᠪᠣᠯᠬᠤ ᠭᠦᠢᠴᠡᠳᠭᠡᠯ ᠲᠤᠭ᠎ᠠ ᠶᠢ | ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠬᠢᠨᠠᠨ ᠰᠢᠨᠵᠢᠵᠦ ᠵᠠᠳᠠᠯᠬᠤ ᠶᠢᠨ ᠬᠠᠮᠲᠤ ᠲᠤᠭ᠎ᠠ | ᠪᠦᠷᠢᠳᠬᠡᠯ ᠤᠨ ᠭᠦᠢᠴᠡᠳᠭᠡᠯ ᠲᠤᠭ᠎ᠠ ᠳᠤ ᠵᠠᠳᠠᠯᠤᠯᠲᠠ ᠬᠢᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠲᠤᠭ᠎ᠠ | ᠪᠦᠷᠢᠳᠬᠡᠯ ᠤᠨ ᠲᠣᠪᠴᠢᠶ᠎ᠠ︶ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ | ᠰᠠᠯᠠᠭ᠎ᠠ | 2023 ᠣᠨ ᠤ 4 ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠪᠠ |