ᠣᠶᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ 15 ᠲᠦᠮᠡᠨ ᠮᠦ ᠤᠰᠤᠨ ᠲᠤᠲᠤᠷᠭ᠎ᠠ ᠡᠯᠪᠡᠭ | ᠬᠤᠷᠢᠶᠠᠯᠲᠠ ᠣᠯᠵᠤ᠂ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃ | ᠲᠠᠷᠢᠶᠠᠴᠢᠳ ᠲᠤᠩᠭᠠᠯᠠᠭ ᠰᠠᠶᠢᠬᠠᠨ ᠡᠳᠤᠷ ᠢ ᠠᠰᠢᠭᠯᠠᠨ ᠤᠰᠤᠨ ᠲᠤᠳᠤᠷᠭ᠎ᠠ ᠶᠢ ᠮᠠᠰᠢᠨ ᠢᠶᠠᠷ ᠬᠠᠳᠤᠵᠤ | ᠬᠤᠷᠢᠶᠠᠬᠤ ᠠᠵᠢᠯ ᠢᠶᠠᠨ ᠱᠠᠯᠠᠪᠳᠠᠭᠤᠯᠤᠨ ᠲᠦᠷᠭᠡᠳᠭᠡᠵᠤ ᠪᠠᠶᠢᠨ᠎ᠠ᠃ ᠬᠢᠩᠭᠠᠨ ᠠᠶᠢᠮᠠᠭ ᠤᠨ ᠲᠠᠯ᠎ᠠ ᠨᠤᠲᠤᠭ ᠤᠨ | ᠰᠠᠨ ᠾᠧ ᠣᠷᠭᠠᠨᠢᠭ ᠲᠠᠷᠢᠶᠠᠯᠠᠩ ᠤᠨ ᠤᠰᠤᠨ ᠲᠤᠲᠤᠷᠭ᠎ᠠ ᠶᠢᠨ ᠲᠠᠷᠢᠮᠠᠯ ᠤᠨ ᠰᠠᠭᠤᠷᠢᠨ ᠭᠠᠵᠠᠷ ᠤᠨ ᠤᠰᠤᠨ | ᠲᠤᠲᠤᠷᠭ᠎ᠠ ᠶᠢ ᠡᠷᠲᠡ ᠶᠢᠨ ᠲᠤᠲᠤᠷᠭ᠎ᠠ ᠪᠠ ᠣᠷᠣᠢ ᠶᠢᠨ ᠲᠤᠲᠤᠷᠭ᠎ᠠ ᠭᠡᠵᠦ ᠬᠤᠪᠢᠶᠠᠨ᠎ᠠ᠂ ᠤᠳᠤ ᠰᠠᠭᠤᠷᠢᠨ | ᠭᠠᠵᠠᠷ ᠲᠤ ᠶᠠᠭ ᠰᠠᠶ᠋ᠢᠬᠠᠨ ᠡᠷᠲᠡ ᠶᠢᠨ ᠲᠤᠲᠤᠷᠭ᠎ᠠ ᠶᠢ ᠬᠠᠳᠤᠵᠤ ᠪᠠᠶᠢᠨ᠎ᠠ᠂ ᠡᠷᠲᠡ ᠶᠢᠨ ᠲᠤᠲᠤᠷᠭ᠎ᠠ ᠶᠢ ᠡᠨᠡ | ᠵᠢᠯ ᠤᠨ 5 ᠰᠠᠷ᠎ᠠ ᠳᠤ ᠪᠦᠯᠦᠭ ᠬᠤᠪᠢᠶᠠᠨ ᠲᠠᠷᠢᠵᠤ᠂ 4 ᠰᠠᠷ᠎ᠠ ᠶᠢᠨ ᠤᠷᠭᠤᠯᠲᠠ ᠪᠠᠷ ᠳᠠᠮᠵᠢᠭᠠᠳ ᠤᠳᠤ ᠨᠢᠭᠡᠨᠲᠡ | ᠦᠨᠳᠦᠰᠦᠨ ᠳᠡᠭᠡᠨ ᠪᠣᠯᠪᠠᠰᠤᠷᠠᠵᠤ᠂ ᠬᠡᠰᠡᠭ ᠤᠰᠤᠨ ᠲᠤᠲᠤᠷᠭ᠎ᠠ ᠶᠢ ᠨᠢᠭᠡᠨᠲᠡ ᠡᠬᠢᠯᠡᠨ ᠬᠠᠳᠤᠵᠤ ᠪᠠᠶᠢᠨ᠎ᠠ᠂ | ᠵᠢᠱᠢᠯᠲᠡ ᠪᠠᠷ 10 ᠰᠠᠷ᠎ᠠ ᠶᠢᠨ ᠳᠤᠮᠳᠠᠴᠢ ᠪᠤᠯᠬᠤ ᠠᠴᠠ ᠡᠮᠦᠨ᠎ᠡ ᠪᠦᠬᠦᠨ ᠢ ᠬᠠᠳᠤᠵᠤ ᠳᠠᠭᠤᠰᠬᠠᠨ᠎ᠠ᠃ | ᠳᠤᠷᠠᠳᠤᠭᠤᠰᠢᠲᠠᠢ ᠵᠦᠢᠯ ᠨᠢ᠂ ᠣᠳᠣᠬᠠᠨ ᠳᠤ ᠴᠢᠬᠢ ᠰᠠᠭᠤᠯᠭᠠᠵᠤ᠂ ᠬᠠᠳᠤᠵᠤ ᠬᠤᠷᠢᠶᠠᠬᠤ ᠳᠤ ᠴᠥᠮ | ᠮᠠᠰᠢᠨᠴᠢᠯᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠢ ᠬᠥᠮᠥᠨ ᠤ ᠬᠦᠴᠦ ᠲᠠᠢ ᠬᠠᠷᠢᠴᠠᠭᠤᠯᠪᠠᠯ ᠦᠷ᠎ᠡ | ᠪᠦᠲᠦᠮᠵᠢ ᠥᠨᠳᠥᠷ᠂ ᠴᠠᠭ ᠠᠷᠪᠢᠯᠠᠬᠤ ᠮᠥᠷᠲᠡᠭᠡᠨ ᠬᠦᠴᠦ ᠠᠷᠪᠢᠯᠠᠨ᠎ᠠ᠃ ︽ᠡᠨᠡ ᠵᠢᠯ ᠤᠨ ᠤᠰᠤᠨ ᠲᠤᠲᠤᠷᠭ᠎ᠠ | ᠪᠠᠰᠠ ᠡᠯᠪᠡᠭ ᠬᠤᠷᠢᠶᠠᠯᠲᠠ ᠣᠯᠪᠠ᠂ ᠤᠰᠤᠨ ᠲᠤᠲᠤᠷᠭ᠎ᠠ ᠶᠢᠨ ᠮᠤ᠋ ᠪᠦᠷᠢ ᠶᠢᠨ ᠤᠨᠠᠯᠲᠠ ᠴᠥᠮ ᠥᠩᠭᠡᠷᠡᠭᠰᠡᠨ | ᠵᠢᠯ ᠤᠳ ᠤᠨ ᠬᠢ ᠠᠴᠠ ᠥᠨᠳᠥᠷ ᠪᠠᠶᠢᠨ᠎ᠠ᠃ ᠬᠠᠮᠤᠭ ᠤᠨ ᠴᠢᠬᠤᠯᠠ ᠨᠢ ᠦᠨ᠎ᠡ ᠬᠠᠩᠰᠢ ᠨᠢ ᠴᠦ ᠥᠩᠭᠡᠷᠡᠭᠰᠡᠨ | ᠵᠢᠯ ᠤᠳ ᠤᠨ ᠬᠢ ᠠᠴᠠ ᠥᠨᠳᠥᠷ ᠪᠣᠯᠵᠠᠢ᠂ ᠡᠶᠢᠮᠦ ᠠᠴᠠ ᠮᠠᠨ ᠤ ᠲᠠᠷᠢᠶᠠᠴᠢᠳ ᠤᠨ ᠣᠷᠣᠯᠭ᠎ᠠ ᠴᠤ ᠪᠦᠷ | ᠨᠡᠮᠡᠭᠳᠡᠵᠡᠢ᠂ ᠤᠳᠤ ᠪᠦᠷ ᠮᠠᠰᠢᠨᠴᠢᠯᠠᠯᠳᠠ ᠶᠢ ᠪᠡᠶᠡᠯᠡᠬᠦᠯᠦᠭᠰᠡᠨ ᠠᠴᠠ ᠤᠰᠤᠨ ᠲᠤᠳᠤᠷᠭ᠎ᠠ ᠶᠢ ᠬᠠᠳᠤᠵᠤ ᠬᠤᠷᠢᠶᠠᠬᠤ | ᠬᠤᠷᠳᠤᠴᠠ ᠨᠢ ᠨᠡᠯᠢᠶᠡᠳ ᠲᠦᠷᠭᠡᠨ ᠪᠤᠯᠵᠠᠢ᠂ ᠮᠠᠨᠠᠶᠢᠬᠢᠨ ᠮᠠᠷᠭᠠᠰᠢ ᠬᠠᠳᠤᠵᠤ ᠳᠠᠭᠤᠰᠬᠠᠬᠤ ᠪᠤᠯᠤᠨ᠎ᠠ︾ ᠭᠡᠵᠦ | ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤ ᠶᠢᠨ ᠰᠠᠨ ᠾᠧ ᠲᠣᠰᠬᠤᠨ ᠤ ᠠᠷᠠᠳ ᠵᠢᠶᠠᠩ ᠯᠢᠶᠠᠩ | ᠰᠤᠷᠪᠤᠯᠵᠢᠯᠠᠭᠴᠢ ᠳᠤ ᠬᠡᠯᠡᠪᠡ᠃ | ᠤᠰᠤᠨ ᠲᠤᠲᠤᠷᠭ᠎ᠠ ᠡᠯᠪᠡᠭ ᠬᠤᠷᠢᠶᠠᠯᠲᠠ ᠣᠯᠣᠭᠰᠠᠨ ᠠᠬᠤᠢ ᠪᠠᠶᠢᠳᠠᠯ ᠳᠣᠣᠷ᠎ᠠ᠂ ᠬᠢᠩᠭᠠᠨ ᠠᠶᠢᠮᠠᠭ ᠤᠨ | ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ | ᠡᠨᠡ ᠵᠢᠯ 5 ᠲᠦᠮᠡᠨ ᠲᠡᠭᠰᠢ ᠳᠥᠷᠪᠡᠯᠵᠢᠨ ᠮᠧᠳ᠋ᠷ ᠤᠨ ᠤᠰᠤᠨ ᠲᠤᠲᠤᠷᠭ᠎ᠠ ᠪᠣᠯᠪᠠᠰᠤᠷᠠᠭᠤᠯᠬᠤ ᠦᠢᠯᠡᠳᠪᠦᠷᠢ ᠶᠢ | ᠰᠢᠨ᠎ᠡ ᠪᠠᠷ ᠪᠠᠶᠢᠭᠤᠯᠵᠤ᠂ ᠤᠰᠤᠨ ᠲᠤᠲᠤᠷᠭ᠎ᠠ ᠶᠢ ᠬᠤᠳᠠᠯᠳᠤᠨ ᠠᠪᠤᠭᠰᠠᠨ ᠤ ᠳᠠᠷᠠᠭ᠎ᠠ᠂ ᠲᠡᠷᠭᠡᠨ ᠳᠤ ᠲᠡᠭᠡᠭᠡᠵᠦ | ᠪᠣᠭᠤᠳᠠᠯᠯᠠᠭᠠᠳ ᠪᠤᠯᠪᠠᠰᠤᠷᠠᠭᠤᠯᠬᠤ ᠦᠢᠯᠡᠳᠪᠦᠷᠢ ᠳᠤ ᠬᠦᠷᠭᠡᠵᠦ ᠬᠠᠲᠠᠭᠠᠵᠤ᠂ ᠬᠠᠳᠠᠭᠠᠯᠠᠭᠠᠳ᠂ ᠲᠣᠬᠢᠶᠠᠯ ᠢ | ᠦᠵᠡᠨ ᠪᠣᠷᠣᠯᠠᠭᠤᠯᠬᠤ ᠪᠣᠯᠣᠨ᠎ᠠ᠃ | ᠤᠯᠠᠭᠠᠨᠬᠤᠲᠠ ᠶᠢᠨ ᠢᠯᠡᠯᠳᠡ ᠪᠠᠯᠭᠠᠰᠤᠨ ᠤ ᠬᠤᠸᠠᠩ ᠵᠢᠶᠠ ᠳ᠋ᠢᠶᠠᠨ ᠭᠠᠴᠠᠭ᠎ᠠ ᠪᠠᠷ ᠬᠦᠷᠬᠦ ᠳᠤ᠂ ᠲᠠᠷᠢᠶᠠᠨ | ᠭᠠᠵᠠᠷ ᠲᠤ ᠪᠤᠯᠪᠠᠰᠤᠷᠠᠭᠰᠠᠨ ᠲᠤᠲᠤᠷᠭ᠎ᠠ ᠶᠢᠨ ᠦᠨᠦᠷ ᠬᠠᠩᠬᠤᠯᠵᠤ᠂ ᠠᠯᠳᠠᠨ ᠰᠢᠷᠭᠠᠯ ᠥᠩᠭᠡ ᠪᠠᠷ ᠬᠠᠯᠢᠭᠤᠷᠠᠨ᠎ᠠ᠃ | ᠤᠯᠠᠭᠠᠨᠬᠤᠲᠠ ᠶᠢᠨ ᠮᠢᠩ ᠦ᠋ ᠤᠰᠤᠨ ᠲᠤᠲᠤᠷᠭ᠎ᠠ ᠲᠠᠷᠢᠬᠤ ᠲᠤᠰᠬᠠᠢ ᠬᠤᠷᠰᠢᠶ᠎ᠠ ᠶᠢᠨ ᠠᠵᠢᠯᠲᠠᠳ ᠤᠰᠤᠨ | ᠲᠤᠲᠤᠷᠭ᠎ᠠ ᠬᠠᠳᠤᠵᠤ ᠬᠤᠷᠢᠶᠠᠬᠤ ᠮᠠᠰᠢᠨ ᠢᠶᠠᠨ ᠵᠢᠯᠣᠭᠤᠳᠤᠨ ᠨᠠᠰᠢ ᠴᠠᠰᠢ ᠰᠦᠯᠵᠢᠯᠳᠦᠵᠦ᠂ ᠮᠠᠰᠢᠨ ᠤ ᠬᠦᠩᠭᠢᠨᠡᠬᠦ | ᠳᠠᠭᠤᠨ ᠢ ᠲᠠᠭᠠᠯᠳᠤᠨ᠂ ᠲᠤᠲᠤᠷᠭ᠎ᠠ ᠶᠢᠨ ᠲᠦᠷᠦᠭᠦᠦ ᠮᠠᠰᠢᠨ ᠳᠤ ᠲᠠᠲᠠᠭᠳᠠᠨ ᠣᠷᠣᠵᠤ᠂ ᠬᠡᠷᠴᠢᠬᠦ᠂ ᠮᠥᠯᠢᠬᠦ | ᠵᠡᠷᠭᠡ ᠠᠵᠢᠯ ᠢ ᠨᠢᠭᠡ ᠯᠡ ᠬᠦᠭ ᠢᠶᠠᠷ ᠪᠡᠶᠡᠯᠡᠭᠦᠯᠵᠦ᠂ ᠠᠯᠳᠠᠨ ᠰᠢᠷᠭᠠᠯ ᠲᠤᠲᠤᠷᠭ᠎ᠠ ᠶᠢ ᠪᠦᠬᠦᠨ ᠢ ᠬᠤᠷᠢᠶᠠᠨ | ᠠᠪᠴᠠᠢ᠃ | ︽ᠪᠢᠳᠡ ᠡᠨᠡ ᠵᠢᠯ ᠬᠤᠷᠰᠢᠶ᠎ᠠ ᠠᠴᠠ ᠬᠠᠩᠭᠠᠭᠰᠠᠨ ᠴᠢᠨᠠᠷ ᠰᠠᠶᠢᠳᠠᠢ ᠤᠰᠤᠨ ᠲᠤᠲᠤᠷᠭ᠎ᠠ ᠶᠢ ᠲᠠᠷᠢᠵᠤ᠂ ᠮᠦ | ᠪᠦᠷᠢ ᠳᠤ ᠨᠢᠳᠤᠨᠤᠨ ᠤ ᠬᠢ ᠠᠴᠠ 100 ᠭᠠᠷᠤᠢ ᠵᠢᠩ ᠢᠯᠡᠭᠦᠦ ᠬᠤᠷᠢᠶᠠᠵᠠᠢ᠃ ᠶᠡᠷᠦᠩᠬᠡᠢ ᠣᠷᠣᠯᠭ᠎ᠠ ᠪᠠᠷᠤᠭ | ᠨᠢᠳᠤᠨᠤᠨ ᠤ ᠬᠢ ᠠᠴᠠ 3 ᠲᠦᠮᠡ ᠭᠠᠷᠤᠢ ᠲᠥᠭᠦᠷᠢᠭ ᠢᠯᠡᠭᠦᠦ︾ ᠭᠡᠵᠦ ᠭᠠᠴᠠᠭᠠᠨ ᠤ ᠠᠷᠠᠳ ᠶᠠᠩ ᠫᠧᠩ | ᠰᠤᠷᠪᠤᠯᠵᠢᠯᠠᠭᠴᠢ ᠳᠤ ᠬᠡᠯᠡᠪᠡ᠃ | ᠣᠶᠢᠷ᠎ᠠ ᠶᠢᠨ ᠵᠢᠯ ᠠᠴᠠ ᠨᠠᠰᠢ᠂ ᠢᠯᠡᠯᠳᠡ ᠪᠠᠯᠭᠠᠰᠤ ᠠᠮᠤ ᠪᠤᠳᠠᠭᠠᠨ ᠤ ᠦᠢᠯᠡᠳᠪᠦᠷᠢᠯᠡᠯ ᠢ ᠲᠡᠷᠢᠭᠦᠨ ᠴᠢᠬᠤᠯᠠ | ᠶᠠᠪᠤᠳᠠᠯ ᠪᠣᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ︽ᠰᠠᠨᠠᠭᠠᠴᠢᠯᠠᠭᠠᠲᠤ ᠡᠷᠬᠡ︾ ᠶᠢ ᠪᠠᠲᠤ ᠡᠵᠡᠮᠳᠡᠵᠦ᠂ | ︽ᠲᠦᠷᠦᠯ ᠵᠦᠢᠯ ᠢ ᠰᠠᠶᠢᠲᠤᠷ ᠰᠣᠩᠭᠤᠬᠤ᠂ ᠴᠢᠬᠢ ᠮᠣᠳᠣ ᠶᠢ ᠨᠠᠷᠢᠨ ᠨᠢᠮᠪᠠᠢ ᠪᠤᠶᠢᠵᠢᠭᠤᠯᠬᠤ᠂ | ᠬᠠᠮᠢᠶᠠᠷᠤᠯᠲᠠ ᠪᠠᠨ ᠰᠢᠯᠢᠳᠡᠭᠵᠢᠭᠦᠯᠬᠦ᠂ ᠲᠠᠷᠢᠶᠠᠨ ᠭᠠᠵᠠᠷ ᠤᠨ ᠤᠰᠤ ᠶᠢ ᠭᠦᠢᠴᠡᠳ ᠬᠠᠩᠭᠠᠬᠤ᠂ ᠰᠢᠨᠵᠢᠯᠡᠬᠦ | ᠤᠬᠠᠭᠠᠨᠴᠢ ᠪᠠᠷ ᠪᠣᠷᠳᠣᠭᠤᠷ ᠣᠷᠣᠭᠤᠯᠬᠤ᠂ ᠬᠤᠷᠣᠬᠠᠶᠢᠲᠤᠬᠤ ᠶᠢ ᠰᠡᠷᠭᠡᠶᠢᠯᠡᠨ ᠵᠠᠰᠠᠬᠤ︾ ᠪᠠ ᠡᠭᠦᠨ ᠤ ᠳᠡᠭᠡᠷ᠎ᠡ | ᠤᠯᠠᠨ ᠠᠴᠠ ᠣᠨᠴᠠᠭᠠᠢ ᠪᠠᠶᠢᠭᠠᠯᠢ ᠶᠢᠨ ᠨᠥᠬᠦᠴᠡᠯ ᠤᠨ ᠳᠠᠪᠠᠭᠤᠯᠢᠭ ᠢᠶᠠᠨ ᠠᠰᠢᠭᠯᠠᠨ᠂ ᠪᠦᠬᠦ ᠵᠢᠯ ᠤᠨ ᠠᠮᠤ | ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠵᠠᠢ᠃ ᠡᠨᠡ ᠵᠢᠯ᠂ ᠢᠯᠡᠯᠳᠡ ᠪᠠᠯᠭᠠᠰᠤᠨ ᠤ 3. | 5 ᠲᠦᠮᠡᠨ ᠮᠦ ᠤᠰᠤᠨ ᠳᠤᠳᠤᠷᠭ᠎ᠠ ᠡᠯᠪᠡᠭ ᠬᠤᠷᠢᠶᠠᠯᠲᠠ ᠣᠯᠪᠠ᠃ ᠣᠶᠢᠯᠠᠭᠠᠭᠰᠠᠨ ᠢᠶᠠᠷ᠂ 2023 ᠣᠨ ᠳᠤ | ᠤᠯᠠᠭᠠᠨᠬᠤᠲᠠ ᠶᠢᠨ ᠤᠰᠤᠨ ᠲᠤᠲᠤᠷᠭ᠎ᠠ ᠶᠢᠨ ᠲᠠᠷᠢᠮᠠᠯ ᠤᠨ ᠶᠡᠷᠦᠩᠬᠡᠢ ᠲᠠᠯᠠᠪᠠᠶ 15.05 ᠲᠦᠮᠡᠨ ᠮᠦ ᠳᠤ ᠬᠦᠷᠴᠦ | ᠂ ᠣᠳᠣᠬᠠᠨ ᠳᠤ ᠨᠢᠭᠡᠨᠲᠡ ᠬᠠᠳᠤᠵᠤ ᠬᠤᠷᠢᠶᠠᠭᠰᠠᠨ ᠲᠠᠯᠠᠪᠠᠶ 7.23 ᠲᠦᠮᠡᠨ ᠮᠦ ᠳᠤ ᠬᠦᠷᠴᠡᠢ᠃ | |