10 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠭᠠᠭᠠᠨ | ᠡᠷᠭᠢᠯᠡᠭᠰᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠰᠠᠷ ᠢ ᠪᠣᠯᠵᠤᠭ᠎ᠠ ᠶᠣᠰᠣᠭᠠᠷ ᠨᠢ ᠶᠠᠰᠤ | ᠴᠢᠨᠠᠷ ᠲᠠᠢ ᠲᠤᠰᠢᠶᠠᠬᠤ ᠶᠢ ᠪᠠᠲᠤᠯᠠᠬᠤ ᠵᠢᠴᠢ ᠪᠥᠬᠦ ᠬᠤᠰᠢᠭᠤᠨ ᠤ ᠺᠠᠳ᠋ᠷ ᠠᠵᠢᠯᠲᠠᠨ ᠤ ᠪᠦᠯᠬᠦᠮᠴᠢᠯᠡᠨ ᠬᠤᠳᠠᠯᠳᠤᠨ | ᠠᠪᠬᠤ ᠰᠠᠷ᠎ᠠ ᠶᠢᠨ ᠠᠵᠢᠯᠯᠠᠭ᠎ᠠ ᠡᠬᠢᠯᠡᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠢ ᠯᠢ᠂ | ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠦᠨ ᠱᠤ᠋ ᠲᠤᠤ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠠᠩ | ᠯᠧᠢ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠳᠠᠷᠤᠭ᠎ᠠ ᠰᠢᠶᠣᠣ ᠴᠢ ᠹᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ | ᠯᠢ ᠳ᠋ᠦᠩ᠂ ᠬᠤᠰᠢᠭᠤᠨ ᠳᠠᠷᠤᠭ᠎ᠠ ᠸᠠᠩ ᠵᠢᠶᠠ ᠪᠥᠸᠧ᠂ ᠶᠤᠸᠠᠢ ᠰᠥᠩ ᠱᠠᠨ᠂ ᠸᠠᠩ ᠲᠢᠶᠧ ᠮᠧᠶ᠂ ᠵᠠᠩ | ᠭᠦᠸᠧ ᠵᠢᠶᠦ᠋ᠨ᠂ ᠯᠢᠦ ᠬᠠᠢ ᠶᠦᠩ ᠵᠢᠴᠢ ᠠᠶᠢᠮᠠᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ | ᠥᠪᠥᠷ ᠮᠣᠩᠭᠤᠯ ᠤᠨ ᠪᠠᠩᠬᠢ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ᠵᠢᠩᠬᠢᠨᠢ | ᠲᠤᠰᠢᠶᠠᠯᠲᠠᠨ ᠨᠠᠷ ᠠᠵᠢᠯᠯᠠᠭ᠎ᠠ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ | ᡁᠢ ᠪᠢᠶᠣᠣ ᠠᠵᠢᠯᠯᠠᠭ᠎ᠠ ᠶᠢ ᠡᠷᠭᠢᠯᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠦᠨ ᠱᠤ᠋ ᠲᠤᠤ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠸᠠᠩ ᡁᠢ | ᠪᠢᠶᠣᠣ ᠶᠠᠷᠢᠶᠠᠨ ᠳᠠᠭᠠᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠲᠣᠰ ᠤᠳᠠᠭᠠᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠡᠷᠬᠡ ᠶᠢ ᠭᠦᠢᠴᠡᠳ ᠳᠣᠷᠣᠭᠰᠢ ᠪᠠᠭᠤᠯᠭᠠᠵᠤ᠂ ᠠᠮᠤᠷ ᠲᠦᠪᠰᠢᠨ ᠢ ᠬᠠᠮᠠᠭᠠᠯᠠᠨ᠂ ᠣᠷᠴᠢᠨ ᠲᠣᠭᠤᠷᠢᠨ ᠢ ᠪᠣᠶ | ᠪᠣᠯᠭᠠᠨ᠎ᠠ᠃ ᠡᠯ᠎ᠡ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠬᠢᠨ ᠲᠣᠰ | ᠤᠳᠠᠭᠠᠨ ᠤ ᠠᠵᠢᠯᠯᠠᠭ᠎ᠠ ᠶᠢᠨ ᠠᠵᠠ ᠲᠣᠬᠢᠶᠠᠯ ᠢ ᠠᠮᠵᠢᠨ ᠪᠦᠯᠬᠦᠮ ᠢᠶᠠᠷ ᠬᠤᠳᠠᠯᠳᠤᠨ ᠠᠪᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠦᠨᠡᠨ ᠪᠣᠳᠠᠲᠠᠢ︾ ᠬᠠᠷᠠᠭᠠᠯᠵᠠᠯ ᠪᠠ ᠰᠠᠶᠢᠨ ᠦᠢᠯᠡᠴᠢᠯᠡᠭᠡ ᠪᠠᠷ | ᠪᠦᠯᠬᠦᠮ ᠢᠶᠠᠷ ᠬᠤᠳᠠᠯᠳᠤᠨ ᠠᠪᠬᠤ ᠳᠤ ᠣᠷᠣᠯᠴᠠᠭᠰᠠᠨ ᠺᠠᠳ᠋ᠷ ᠠᠵᠢᠯᠲᠠᠳ ᠲᠤ ᠴᠢᠨᠠᠷ ᠰᠠᠶᠢᠲᠠᠢ ᠭᠡᠷ ᠪᠠᠶᠢᠰᠢᠩ | ᠬᠤᠳᠠᠯᠳᠤᠨ ᠠᠪᠤᠭᠤᠯᠬᠤ ᠪᠠᠷ ᠪᠠᠶᠢᠨ᠎ᠠ ᠭᠡᠵᠡᠢ᠃ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠰᠠᠷ ᠢ ᠪᠣᠯᠵᠤᠭ᠎ᠠ ᠶᠣᠰᠣᠭᠠᠷ ᠶᠠᠰᠤ ᠴᠢᠨᠠᠷ ᠢᠶᠠᠷ ᠲᠤᠰᠢᠶᠠᠬᠤ ᠶᠢ | ᠪᠠᠲᠤᠯᠠᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠲᠢᠶᠠᠨ ᠷᠦᠢ ᠬᠤᠸᠠ ᠹᠦ᠋᠂ ᠢ ᠫᠢᠨ ᠵᠠᠢ᠂ | ᠴᠦᠨ ᠵᠢᠶᠠᠩ ᠬᠤᠸᠠ ᠹᠦ᠋᠂ ᠭᠤᠸᠠᠨ ᠬᠤ᠋ ᠰᠢᠩ ᠵᠢᠩ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠨ ᠲᠥᠯᠥᠭᠡᠯᠡᠭᠴᠢ ᠲᠣᠰ ᠲᠣᠰ ᠠᠰᠠᠷ ᠤᠨ ᠪᠠᠶᠢᠷᠢᠯᠠᠯ᠂ ᠭᠡᠷ ᠤᠨ ᠬᠡᠯᠪᠡᠷᠢ᠂ ᠬᠠᠮᠲᠤ ᠪᠠᠷ ᠬᠤᠳᠠᠯᠳᠤᠨ | ᠠᠪᠬᠤ ᠬᠠᠷᠠᠭᠠᠯᠵᠠᠯ ᠤᠨ ᠡᠷᠴᠢᠮ ᠵᠡᠷᠭᠡ ᠲᠠᠯ᠎ᠠ ᠪᠠᠷ ᠲᠥᠷᠥᠯ ᠵᠦᠢᠯ ᠤᠨ ᠪᠣᠳᠠᠲᠠᠢ ᠪᠠᠶᠢᠳᠠᠯ ᠢ ᠲᠠᠨᠢᠯᠴᠠᠭᠤᠯᠵᠤ᠂ | ᠬᠠᠮᠲᠤ ᠪᠠᠷ ᠬᠤᠳᠠᠯᠳᠤᠨ ᠠᠪᠬᠤ ᠰᠠᠷ᠎ᠠ ᠶᠢᠨ ᠠᠵᠢᠯᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠡᠶᠢᠲᠡᠯᠡᠪᠡ᠃ ᠠᠰᠠᠷ ᠢ ᠪᠣᠯᠵᠤᠭ᠎ᠠ ᠶᠣᠰᠣᠭᠠᠷ ᠶᠠᠰᠤ ᠴᠢᠨᠠᠷ ᠢᠶᠠᠷ ᠲᠤᠰᠢᠶᠠᠬᠤ ᠶᠢ ᠪᠠᠲᠤᠯᠠᠬᠤ ᠠᠵᠤ ᠠᠬᠤᠶᠢᠯᠠᠯ ᠤᠨ | ᠲᠥᠯᠥᠭᠡᠯᠡᠭᠴᠢ ᠥᠮᠴᠢᠲᠡᠨ ᠤ ᠲᠥᠯᠥᠭᠡᠯᠡᠭᠴᠢ ᠳᠤ ᠲᠦᠯᠬᠢᠭᠦᠷ ᠲᠣᠰᠢᠶᠠᠪᠠ᠃ ᠶᠣᠰᠣᠯᠠᠯ ᠳᠠᠭᠤᠰᠤᠭᠰᠠᠨ ᠤ | ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠲᠢᠶᠠᠨ ᠷᠦᠢ ᠬᠤᠸᠠ ᠹᠦ᠋᠂ ᠢ ᠫᠢᠨ ᠵᠠᠢ᠂ | ᠴᠦᠨ ᠵᠢᠶᠠᠩ ᠬᠤᠸᠠ ᠹᠦ᠋᠂ ᠭᠤᠸᠠᠨ ᠬᠤ᠋ ᠰᠢᠩ ᠵᠢᠩ ᠵᠡᠷᠭᠡ ᠵᠢᠵᠢᠭ ᠲᠣᠭᠤᠷᠢᠭ᠂ ᠲᠤᠬᠠᠢ ᠶᠢᠨ ᠲᠠᠯᠠᠪᠤᠷ ᠤᠨ | ᠦᠵᠡᠭᠦᠯᠦᠯᠭᠡ ᠶᠢᠨ ᠥᠷᠥᠭᠡ᠂ ᠥᠯᠢᠭᠡᠷ ᠡᠳ᠋ ᠤᠨ ᠥᠷᠥᠭᠡ᠂ ᠭᠠᠵᠠᠷ ᠤᠨ ᠬᠥᠮᠥᠷᠭᠡ᠂ ᠵᠢᠵᠢᠭ ᠲᠣᠭᠤᠷᠢᠭ ᠤᠨ | ᠨᠣᠭᠤᠭᠠᠷᠠᠭᠤᠯᠤᠯᠲᠠ᠂ ᠠᠳᠠᠯ ᠠᠬᠤᠢ ᠶᠢᠨ ᠦᠢᠯᠡᠴᠢᠯᠡᠭᠡ ᠪᠠ ᠪᠣᠷᠤᠯᠠᠭᠤᠯᠭ᠎ᠠ ᠶᠢᠨ ᠪᠠᠶᠢᠳᠠᠯ ᠢ ᠲᠣᠭᠤᠷᠢᠨ ᠦᠵᠡᠪᠡ | ᠃ | |