10 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠯᠢ ᠰᠢᠨ ᠵᠢᠶᠦ᠋ᠨ᠂ ᠳᠤᠮᠳᠠᠳᠤ ᠤᠯᠤᠰ ᠤᠨ | ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ | ᠵᠠᠬᠢᠷᠤᠯ ᠴᠢᠦᠢ ᠱᠠᠨ ᠰᠢᠶᠣᠣ ᠨᠠᠷ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ | ᠪᠠᠶᠢᠴᠠᠭᠠᠨ ᠰᠤᠳᠤᠯᠤᠯᠲᠠ ᠬᠢᠪᠡ᠃ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠵᠠᠬᠢᠷᠤᠯ ᠹᠠᠨ ᠶᠦᠩ ᠢ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠭᠤᠤ ᠠᠢ ᠵᠢᠶᠦ᠋ᠨ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ | ᠵᠣᠣ ᠬᠤᠩ ᠪᠢᠨ ᠬᠠᠮᠲᠤ ᠣᠷᠣᠯᠴᠠᠵᠠᠢ᠃ | ᠯᠢ ᠰᠢᠨ ᠵᠢᠶᠦ᠋ᠨ ᠨᠠᠷ ᠤᠷᠢᠳ ᠬᠤᠵᠢᠳ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠨᠣᠮ ᠤᠨ ᠰᠠᠩ᠂ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ᠂ ᠪᠠᠭᠰᠢ ᠶᠢᠨ ᠰᠤᠷᠭᠠᠨ ᠬᠥᠮᠦᠵᠢᠯ ᠤᠨ ᠰᠠᠯᠪᠤᠷᠢ᠂ | ᠬᠢᠩᠭᠠᠨ ᠤ ᠭᠠᠯ ᠤᠨᠲᠠᠷᠠᠭᠠᠬᠤ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ | ᠰᠠᠯᠪᠤᠷᠢ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠵᠦ | ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭᠠᠪᠠᠷ ᠨᠢ | ᠬᠤᠷᠠᠯᠳᠤᠭᠤᠯᠤᠭᠰᠠᠨ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠪᠣᠯᠣᠨ ᠬᠢᠩᠭᠠᠨ ᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠢᠩᠭᠠᠨ ᠤ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠤᠬᠠᠢ | ᠰᠤᠳᠤᠯᠤᠨ ᠶᠠᠷᠢᠯᠴᠠᠪᠠ᠃ ᠯᠢ ᠰᠢᠨ ᠵᠢᠶᠦ᠋ᠨ᠂ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ | ᠬᠤᠶᠠᠷ ᠰᠤᠷᠭᠠᠭᠤᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠬᠤᠶᠠᠷ ᠰᠤᠷᠭᠠᠭᠤᠯᠢ ᠶᠢᠨ ᠪᠠᠭᠰᠢ | ᠰᠤᠷᠤᠭᠴᠢᠳ ᠤᠨ ᠣᠯᠣᠯᠴᠠᠭ᠎ᠠ ᠶᠢ ᠴᠢᠩᠭᠠᠳᠬᠠᠬᠤ᠂ ᠰᠠᠶᠢᠨ ᠰᠠᠶᠢᠬᠠᠨ ᠰᠤᠳᠤᠯᠤᠨ ᠰᠤᠷᠤᠯᠴᠠᠬᠤ ᠲᠣᠭᠲᠠᠴᠠ ᠶᠢ | ᠪᠠᠶᠢᠭᠤᠯᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠤᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ | ᠬᠦᠰᠡᠵᠦ ᠪᠠᠶᠢᠨ᠎ᠠ ᠭᠡᠵᠦ ᠬᠡᠯᠡᠪᠡ᠃ ᠶᠠᠷᠢᠯᠴᠠᠬᠤ ᠬᠤᠷᠠᠯ ᠤᠨ ᠲᠠᠷᠠᠭ᠎ᠠ᠂ ᠯᠢ ᠰᠢᠨ ᠵᠢᠶᠦ᠋ᠨ᠂ ᠴᠢᠦᠢ ᠱᠠᠨ ᠰᠢᠶᠣᠣ | ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢ ᠲᠥᠯᠥᠭᠡᠯᠡᠨ ᠬᠢᠩᠭᠠᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠳᠤ 400 ᠲᠦᠮᠡᠨ ᠲᠥᠭᠦᠷᠢᠭ ᠤᠨ ᠦᠷᠳᠡᠭ ᠪᠦᠬᠦᠢ ᠲᠠᠭᠤ ᠴᠡᠴᠡᠷᠡᠭᠦᠯᠬᠦ ᠬᠢᠴᠢᠶᠡᠯ | ᠬᠠᠨᠳᠢᠪᠯᠡᠪᠠ᠃ | |