ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/24
    10 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠸᠧᠢ ᠬᠤᠷᠠᠯ ᠳᠤ ᠣᠷᠣᠯᠴᠠᠵᠤ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠶᠠᠩ ᠪᠧᠢ ᠫᠢᠩ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃     ᠸᠠᠩ ᠸᠧᠢ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠦᠨᠳᠦᠷᠴᠡ ᠠᠴᠠ ᠴᠠᠭᠳᠠᠨ ᠪᠠᠶᠢᠴᠠᠭᠠᠬᠤ ᠠᠵᠢᠯ ᠤᠨ ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠣᠨᠣᠪᠴᠢᠲᠠᠢ ᠥᠷᠨᠢᠭᠦᠯᠪᠡ᠃ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠᠷᠢᠮᠵᠢᠶ᠎ᠠ ᠶᠢ ᠡᠵᠡᠮᠳᠡᠵᠦ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠤᠯᠤᠰ ᠲᠥᠷᠥᠴᠢ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠢ ᠴᠢᠩᠭ᠎ᠠ ᠠᠩᠬᠠᠷᠴᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠪᠣᠳᠠᠲᠠᠶᠢᠵᠢᠭᠤᠯᠬᠤ᠂ ᠨᠠᠷᠢᠯᠢᠭᠵᠢᠭᠤᠯᠬᠤ᠂ ᠪᠠᠶᠢᠩᠭᠤᠵᠢᠭᠤᠯᠬᠤ᠂ ᠪᠠᠶᠢᠩᠭᠤᠵᠢᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠯᠤᠰ ᠲᠥᠷᠥ ᠶᠢᠨ ᠵᠥᠷᠢᠶ᠎ᠡ ᠶᠢ ᠭᠦᠨᠵᠡᠭᠡᠢ ᠡᠷᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠲᠠᠢ ᠤᠶᠠᠯᠳᠤᠭᠤᠯᠵᠤ᠂ ᠲᠦᠷ ᠴᠠᠭ ᠤᠨ ᠨᠠᠮ ᠤᠨ ᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠣᠯ ᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠤᠯᠤᠰ ᠲᠥᠷᠥ ᠶᠢᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠴᠠᠭᠳᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠵᠤ᠂ ᠴᠠᠭᠳᠠᠨ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠬᠤᠷᠠᠯ ᠤᠨ ᠳᠠᠷᠠᠭ᠎ᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ ᠬᠤᠷᠠᠯ ᠲᠡᠭᠦᠰᠦᠭᠰᠡᠨ ᠤ ᠳᠠᠷᠠᠭ᠎ᠠ ᠬᠠᠮᠲᠤ ᠶᠢᠨ ᠪᠣᠯᠪᠠᠰᠤᠷᠠᠯ ᠥᠷᠨᠢᠭᠦᠯᠵᠦ᠂ ᠲᠣᠰ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠪᠦᠬᠦ ᠲᠠᠯ᠎ᠠ ᠪᠠᠷ ᠡᠬᠢᠯᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号