ᠨᠢᠭᠡ ᠨᠢᠭᠡᠳ ᠲᠠᠢ ᠨᠢᠭᠤᠷᠳᠡᠨ ᠰᠣᠷᠣᠯᠭ᠎ᠠ ᠬᠦᠷᠭᠡᠨ ᠦᠭᠴᠠᠢ ᠠᠵᠢᠯ ᠠᠴᠠ ᠪᠠᠨ ᠠᠮᠠᠷᠠᠭᠰᠠᠨ ᠺᠠᠳ᠋ᠷ᠂ | ᠠᠬᠠᠮᠠᠳ ᠨᠠᠮ ᠤᠨ ᠭᠡᠰᠢᠭᠦᠨ ᠤ ᠣᠷᠣᠰᠢᠨ ᠰᠠᠭᠤᠷᠢᠰᠢᠬᠤ ᠨᠢ ᠲᠠᠷᠠᠬᠠᠢ ᠪᠤᠲᠠᠷᠬᠠᠢ᠂ ᠬᠥᠳᠡᠯᠵᠦ ᠪᠠᠷᠢᠬᠤ ᠳᠤ | ᠳᠥᠭᠦᠮ ᠦᠭᠡᠢ ᠪᠠᠶᠢᠬᠤ ᠣᠨᠴᠠᠯᠢᠭ ᠲᠤ ᠴᠢᠭᠯᠡᠭᠦᠯᠦᠨ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠰᠢᠩ ᠯᠢᠨ | ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠬᠤᠰᠢᠭᠤᠴᠢ ᠠᠩᠭᠢ ᠨᠢᠭᠡ ᠨᠢᠭᠡ ᠪᠠᠷ ᠨᠠᠮ ᠤᠨ ᠭᠡᠰᠢᠭᠦᠨ ᠲᠠᠢ | ᠬᠤᠣᠰᠯᠠᠵᠤ᠂ ︽ᠨᠠᠮ ᠤᠨ ᠳᠦᠷᠢᠮ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠮᠠᠳᠡᠬᠦᠯᠣᠯᠳᠡ︾᠂ ︽ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠠᠯ ᠢ ᠠᠬᠠᠮᠠᠳ ᠨᠠᠮ ᠤᠨ ᠭᠡᠰᠢᠭᠦᠨ᠂ | ᠠᠬᠠᠮᠠᠳ ᠺᠠᠳ᠋ᠷᠴᠤᠳ ᠲᠤ ᠬᠦᠷᠭᠡᠵᠦ᠂ ᠭᠡᠷ ᠲᠤᠨᠢ ᠬᠦᠷᠴᠦ ᠨᠣᠮ ᠪᠢᠴᠢᠭ ᠤᠨ ᠤᠭ ᠵᠣᠬᠢᠶᠠᠯ ᠲᠠᠢ ᠬᠠᠷᠢᠴᠠᠭᠤᠯᠤᠨ | ᠦᠰᠦᠭ ᠳᠠᠷᠠᠭᠠᠯᠠᠨ ᠲᠠᠶᠢᠯᠪᠤᠷᠢᠯᠠᠵᠤ᠂ ᠠᠯᠢ ᠴᠤ ᠨᠠᠮ ᠤᠨ ᠭᠡᠰᠢᠭᠦᠨ ᠤ ᠬᠢᠴᠢᠶᠡᠯ ᠠᠴᠠ ᠰᠠᠭᠠᠲᠠᠬᠤ ᠦᠭᠡᠢ | ᠪᠠᠶᠢᠬᠤ ᠶᠢ ᠪᠠᠲᠤᠯᠠᠵᠠᠢ᠃ ᠨᠢᠭᠡ ᠰᠡᠳᠬᠢᠯ ᠨᠢᠭᠡ ᠵᠣᠷᠢᠭ ᠢᠶᠠᠷ ᠲᠠᠶᠢᠯᠪᠤᠷᠢᠯᠠᠵᠡᠢ ︽ᠠᠬᠠᠮᠠᠳ ᠨᠠᠮ ᠤᠨ ᠭᠡᠰᠢᠭᠦᠨ | ᠪᠣᠯᠤᠭᠰᠠᠨ ᠤ ᠬᠤᠪᠢ ᠳᠤ᠂ ᠪᠢ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠬᠤ ᠶᠢ ᠬᠤᠪᠢ ᠬᠥᠮᠥᠨ ᠤ ᠠᠮᠢᠳᠤᠷᠠᠯ ᠳᠠᠭᠠᠨ ᠠᠭᠤᠰᠬᠠᠵᠤ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ | ᠦᠷᠭᠦᠯᠵᠢᠯᠡᠨ ᠨᠡᠶᠢᠭᠡᠮ ᠲᠣᠭᠤᠷᠢᠭ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠎ᠠ︾ ᠭᠡᠵᠦ ᠠᠬᠠᠮᠠᠳ ᠨᠠᠮ ᠤᠨ | ᠭᠡᠰᠢᠭᠦᠨ ᠬᠡᠯᠡᠪᠡ᠃ ᠠᠬᠠᠮᠠᠳ ᠨᠠᠮ ᠤᠨ ᠭᠡᠰᠢᠭᠦᠨ ᠤ ᠭᠡᠷ ᠲᠤ᠂ ᠰᠤᠷᠤᠯᠴᠠᠯᠭ᠎ᠠ ᠬᠦᠷᠭᠡᠭᠴᠢ ᠠᠬᠠᠮᠠᠳ ᠨᠠᠮ ᠤᠨ | ᠭᠡᠰᠢᠭᠦᠨ ᠲᠠᠢ ᠨᠢᠭᠤᠷᠳᠠᠵᠤ ︽ᠬᠠᠯᠠᠭᠤᠨ ᠬᠦᠢᠲᠡᠨ ᠢ ᠠᠰᠠᠭᠤᠵᠤ︾ ᠭᠠᠷ ᠭᠠᠷ ᠢᠶᠠᠨ ᠬᠤᠯᠪᠣᠯᠴᠠᠨ ︽ | ᠵᠣᠭᠤᠭᠳᠠᠵᠤ︾᠂ ᠠᠬᠠᠮᠠᠳ ᠨᠠᠮ ᠤᠨ ᠭᠡᠰᠢᠭᠦᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠠᠮᠢᠳᠤᠷᠠᠯ ᠤᠨ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠠᠬᠠᠮᠠᠳ ᠨᠠᠮ ᠤᠨ ᠭᠡᠰᠢᠭᠦᠨ ᠳᠤ ᠰᠤᠷᠤᠯᠴᠠᠬᠤ ᠠᠭᠤᠯᠭ᠎ᠠ ᠶᠢ ᠨᠢ | ᠤᠩᠰᠢᠭᠤᠯᠵᠤ᠂ ᠠᠭᠤᠯᠭ᠎ᠠ ᠶᠢ ᠨᠢ ᠲᠠᠶᠢᠯᠪᠤᠷᠢᠯᠠᠵᠤ᠂ ᠲᠡᠳᠡᠨ ᠳᠤ ᠨᠠᠮ ᠤᠨ ᠬᠠᠮᠤᠭ ᠤᠨ ᠰᠢᠨ᠎ᠡ ᠤᠨᠤᠯ ᠤᠨ ᠵᠣᠷᠢᠭ | ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ | ᠠᠬᠠᠮᠠᠳ ᠨᠠᠮ ᠤᠨ ᠭᠡᠰᠢᠭᠦᠨ ᠢ ᠬᠠᠪᠰᠤᠷᠤᠨ ᠨᠠᠮ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ | ᠰᠤᠷᠤᠯᠴᠠᠭᠤᠯᠵᠠᠢ᠃ ᠭᠠᠷ ᠤᠲᠠᠰᠤᠨ ᠤ ᠺᠣᠳ᠋ ᠰᠢᠷᠪᠢᠵᠦ ᠨᠣᠮ ᠰᠣᠨᠣᠰᠴᠠᠢ ᠯᠢᠨ ᠬᠠᠢ ᠵᠡᠭᠡᠯᠢ ᠶᠢᠨ ᠰᠢᠩ ᠯᠢᠨ | ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠬᠤᠰᠢᠭᠤᠴᠢ ᠠᠩᠭᠢ ᠨᠢ ᠠᠬᠠᠮᠠᠳ ᠨᠠᠮ ᠤᠨ ᠭᠡᠰᠢᠭᠦᠨ᠂ | ᠠᠵᠢᠯ ᠠᠴᠠ ᠪᠠᠨ ᠠᠮᠠᠷᠠᠭᠰᠠᠨ ᠺᠠᠳ᠋ᠷ ᠨᠢᠭᠡᠪᠦᠷᠢ ᠶᠢᠨ ᠣᠨᠴᠠᠭᠠᠶ ᠴᠢᠨᠠᠷ ᠢ ᠦᠨᠳᠦᠰᠦᠯᠡᠨ ᠠᠳᠠᠯᠢ ᠪᠤᠰᠤ ᠬᠦᠷᠭᠡᠬᠦ | ᠠᠷᠭ᠎ᠠ ᠶᠢ ᠠᠪᠴᠤ᠂ ᠬᠠᠷᠠᠭ᠎ᠠ ᠶᠢᠨ ᠰᠠᠭᠠᠳ ᠲᠠᠢ ᠠᠬᠠᠮᠠᠳ ᠨᠠᠮ ᠤᠨ ᠭᠡᠰᠢᠭᠦᠨ ᠲᠠᠢ ᠲᠠᠭᠠᠷᠠᠯᠳᠤᠪᠠᠯ᠂ ᠠᠵᠢᠯᠲᠠᠳ | ︽ᠨᠢᠭᠤᠷᠲᠠᠨ ᠭᠠᠷᠳᠠᠬᠤ︾ ᠪᠣᠳᠠᠲᠠᠢ ᠪᠣᠯᠪᠠᠰᠤᠷᠠᠯ ᠢᠶᠠᠷ ᠬᠠᠷᠢᠯᠴᠠᠨ ᠬᠥᠳᠡᠯᠦᠯᠴᠡᠬᠦ ᠬᠡᠯᠪᠡᠷᠢ ᠶᠢᠨ ᠵᠢᠭᠠᠨ | ᠰᠤᠷᠭᠠᠯᠲᠠ ᠶᠢᠨ ᠠᠷᠭ᠎ᠠ ᠬᠡᠯᠪᠡᠷᠢ ᠪᠠᠷ ᠨᠣᠮ ᠤᠩᠰᠢᠵᠤ ᠳᠡᠶᠢᠯᠪᠣᠷᠢᠯᠠᠵᠣ ᠦᠭᠴᠠᠢ᠃ ᠬᠡᠷᠪᠡ ᠭᠠᠷ ᠤᠲᠠᠰᠤᠨ ᠤ | ᠲᠣᠬᠠᠢ ︽ᠰᠠᠭᠤᠷᠢ ᠦᠭᠡᠢ︾ ᠨᠠᠰᠤᠲᠠᠶᠢᠴᠤᠳ ᠲᠤ ᠲᠣᠬᠢᠶᠠᠯᠳᠤᠪᠠᠯ᠂ ᠠᠵᠢᠯᠲᠠᠳ ᠨᠢᠭᠤᠷᠳᠡᠨ ᠵᠢᠯᠣᠭᠤᠳᠤᠯᠭ᠎ᠠ | ᠬᠢᠵᠦ᠂ ᠠᠯᠬᠤᠮ ᠳᠠᠷᠠᠭ᠎ᠠ ᠲᠠᠢ ᠪᠠᠷ ᠳᠠᠬᠢᠨ ᠳᠠᠪᠲᠠᠨ ᠲᠠᠶᠢᠯᠪᠤᠷᠢᠯᠠᠨ ᠠᠵᠢᠯᠯᠠᠵᠤ᠂ ᠠᠬᠠᠮᠠᠳ ᠨᠠᠮ ᠤᠨ ᠭᠡᠰᠢᠭᠦᠨ | ᠵᠢᠴᠢ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ︽ᠰᠣᠨᠣᠰᠴᠤ ᠣᠶᠢᠯᠠᠭᠠᠬᠤ᠂ ᠰᠤᠷᠴᠤ ᠴᠢᠳᠠᠬᠤ︾ ᠪᠣᠯᠭᠠᠵᠤ | ᠂ ᠲᠡᠳᠡᠨ ᠢ ᠬᠠᠪᠰᠤᠷᠤᠨ ᠴᠠᠭ ᠦᠶ᠎ᠡ ᠠᠴᠠ ᠰᠠᠯᠬᠤ ᠦᠭᠡᠢ᠂ ᠢᠨᠲ᠋ᠧᠷ ᠰᠦᠯᠵᠢᠶᠡᠨ ᠤ ᠲᠥᠬᠦᠮ ᠨᠥᠬᠦᠴᠡᠯ ᠢ | ᠦᠨᠡᠨ ᠬᠦ ᠡᠳ᠋ᠯᠡᠭᠦᠯᠵᠡᠢ᠃ ᠳᠠᠷᠠᠭᠠᠴᠢ ᠶᠢᠨ ᠠᠯᠬᠤᠮ ᠳᠤ᠂ ᠯᠢᠨ ᠬᠠᠢ ᠵᠡᠭᠡᠯᠢ ᠶᠢᠨ ᠰᠢᠩ ᠯᠢᠨ ᠨᠡᠶᠢᠭᠡᠮ | ᠲᠣᠭᠤᠷᠢᠭ ᠤᠨ ᠨᠠᠮ ᠤᠨ ᠡᠭᠦᠷ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠢ ᠦᠷᠭᠦᠯᠵᠢᠯᠡᠨ ᠪᠠᠶᠢᠭᠤᠯᠵᠤ᠂ ︽ | ᠰᠣᠷᠣᠯᠴᠠᠯᠭ᠎ᠠ ᠶᠢ ᠭᠡᠷ ᠲᠤᠨᠢ ᠬᠦᠷᠭᠡᠬᠦ︾ ᠪᠠᠷ ᠭᠠᠷᠳᠠᠴᠠ ᠪᠣᠯᠭᠠᠵᠤ᠂ ᠰᠤᠷᠤᠯᠴᠠᠯᠭ᠎ᠠ ᠶᠢᠨ ᠠᠴᠢᠶᠠᠯᠠᠪᠤᠷᠢ ᠪᠣᠯᠣᠨ | ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠣᠨ᠂ ᠠᠬᠠᠮᠠᠳ ᠨᠠᠮ ᠤᠨ ᠭᠡᠰᠢᠭᠦᠨ ᠤ ᠰᠤᠷᠤᠯᠴᠠᠯᠭ᠎ᠠ ᠶᠢᠨ | ᠲᠠᠯ᠎ᠠ ᠪᠠᠷ ᠬᠢᠴᠢᠶᠡᠯ ᠠᠴᠠ ᠬᠤᠴᠣᠷᠬᠤ ᠦᠭᠡᠢ᠂ ᠤᠨᠤᠯ ᠤᠨ ᠲᠠᠯ᠎ᠠ ᠪᠠᠷ ᠰᠤᠷᠤᠯᠴᠠᠯᠭ᠎ᠠ ᠠᠴᠠ ᠬᠤᠴᠣᠷᠬᠤ ᠦᠭᠡᠢ᠂ | ᠤᠶᠤᠨ ᠰᠠᠨᠠᠭᠠᠨ ᠤ ᠲᠠᠯ᠎ᠠ ᠪᠠᠷ ᠡᠩᠨᠡᠭᠡ ᠠᠴᠠ ᠪᠠᠨ ᠬᠤᠴᠣᠷᠬᠤ ᠦᠭᠡᠢ ᠪᠠᠶᠢᠬᠤ ᠶᠢ ᠪᠠᠲᠤᠯᠠᠨ᠎ᠠ᠃ ᠡᠭᠦᠨ ᠤ ᠬᠠᠮᠳᠣ | ︽ᠰᠣᠷᠣᠯᠴᠠᠯᠭ᠎ᠠ ᠶᠢ ᠭᠡᠷ ᠲᠤᠨᠢ ᠬᠦᠷᠭᠡᠬᠦ︾ ᠪᠠᠷ ᠠᠵᠠ ᠲᠣᠬᠢᠶᠠᠯ ᠪᠣᠯᠭᠠᠵᠤ᠂ ᠠᠷᠠᠳ ᠤᠨ ᠰᠠᠨᠠᠯ ᠢ ᠰᠣᠨᠣᠰᠴᠤ᠂ | ᠠᠷᠠᠳ ᠤᠨ ᠰᠠᠨᠠᠭ᠎ᠠ ᠶᠢ ᠲᠥᠪᠯᠡᠷᠡᠭᠦᠯᠣᠨ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠨᠠᠮ ᠤᠨ ᠰᠢᠨ᠎ᠡ ᠶᠢ ᠡᠭᠦᠳᠬᠦ | ᠤᠨᠤᠯ ᠤᠨ ᠦᠨᠳᠦᠰᠦᠨ ᠱᠠᠲᠤᠨ ᠳᠤ ︽ᠦᠨᠡᠨ ᠪᠣᠳᠠᠲᠠᠢ ᠨᠠᠶᠢᠳᠠᠪᠤᠷᠢᠵᠢᠭᠤᠯᠤᠭᠳᠠᠵᠤ᠂ ᠴᠡᠴᠡᠭᠯᠡᠨ ᠵᠢᠮᠢᠰᠯᠡᠬᠦ︾ ᠶᠢ | ᠦᠨᠡᠨ ᠬᠦ ᠠᠬᠢᠭᠤᠯᠣᠨ᠎ᠠ᠃ | |