ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤ ᠤᠯᠠᠨ ᠲᠦᠮᠡᠨ ᠤ ᠬᠦᠴᠢᠷᠳᠠᠯ ᠢ ᠰᠶᠢᠳᠪᠤᠷᠢᠯᠡᠡ ᠦᠭᠴᠤ ᠪᠤᠢ
ᠨᠡᠶᠢᠲᠡᠯᠡᠭᠰᠡᠨ ᠴᠠᠭ᠄
2023/10/24
      ᠤᠯᠠᠨ ᠲᠦᠮᠡᠨ ᠤ ᠵᠤᠯ ᠵᠢᠷᠭᠠᠯ ᠤᠨ ᠲᠦᠷᠥᠭᠳᠡᠯ ᠪᠠ ᠬᠠᠨᠤᠮᠵᠢ ᠶᠢᠨ ᠬᠡᠮᠵᠢᠶ᠎ᠠ ᠶᠢ ᠦᠨᠡᠨᠬᠦ ᠲᠡᠭᠡᠭᠰᠢᠯᠡᠬᠦᠯᠵᠤ᠂ ᠤᠯᠠᠨ ᠲᠦᠮᠡᠨ ᠤ ᠲᠡᠷᠭᠡᠳᠡᠬᠢ ᠬᠦᠴᠢᠷ ᠠᠰᠠᠭᠤᠳᠠᠯ ᠢ ᠰᠶᠢᠳᠪᠤᠷᠢᠯᠡᠵᠤ ᠦᠭᠬᠦ ᠪᠠᠷ᠂ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠯᠭᠠᠰᠤᠨ ᠤ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠵᠠᠮ ᠵᠠᠰᠠᠬᠤ ᠠᠰᠠᠭᠤᠳᠠᠯ ᠢ ᠰᠶᠢᠳᠪᠤᠷᠢᠯᠡᠵᠤ ᠦᠭᠬᠦᠭᠰᠡᠨ ᠪᠠᠶᠢᠨ᠎ᠠ᠃ ᠨᠠᠮᠤᠷ ᠤᠨ ᠬᠤᠷᠢᠶᠠᠯᠳᠠ ᠳᠤ ᠲᠡᠷᠭᠡ ᠤᠨᠤᠭ᠎ᠠ ᠶᠢᠨ ᠶᠠᠪᠤᠬᠤ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠪᠠᠷ᠂ ᠭᠡᠭᠡᠨᠰᠦ᠋ᠮ᠎ᠠ ᠪᠠᠯᠭᠠᠰᠤᠨ ᠤ ᠪᠠᠶᠠᠨᠬᠤᠸᠠ᠂ ᠪᠠᠶᠠᠨᠬᠠᠳᠠ᠂ ᠪᠠᠶᠠᠨᠳᠠᠯ᠎ᠠ᠂ ᠵᠢᠣ ᠢ ᠵᠡᠷᠭᠡ ᠭᠠᠴᠠᠭᠠᠨ ᠤ ᠨᠠᠮ ᠤᠨ ᠡᠬᠦᠷ ᠲᠤᠰᠬᠤᠨ ᠤ ᠨᠡᠶᠢᠳᠠ ᠶᠢᠨ ᠪᠡᠯᠡ ᠮᠦᠩᠬᠦ ᠶᠢ ᠠᠰᠢᠭᠯᠠᠨ ᠲᠠᠷᠢᠶᠠᠨ ᠭᠠᠵᠠᠷ ᠤᠨ ᠵᠠᠮ ᠢ ᠵᠠᠰᠠᠬᠤ ᠠᠵᠢᠯ ᠢ ᠡᠬᠢᠯᠡᠬᠦᠯᠵᠤ᠂ ᠤᠯᠠᠨ ᠲᠦᠮᠡᠨ ᠤ ᠲᠠᠷᠢᠶᠠᠨ ᠭᠠᠵᠠᠷ ᠲᠠᠭᠠᠨ ᠬᠦᠷᠬᠦ ᠳᠤ ᠬᠦᠴᠢᠷ᠂ ᠠᠮᠤ ᠪᠤᠳᠠᠭ᠎ᠠ ᠲᠡᠭᠡᠭᠡᠪᠤᠷᠢᠯᠡᠬᠦ ᠳᠤ ᠵᠠᠮ ᠬᠠᠷᠢᠯᠴᠠᠭ᠎ᠠ ᠲᠦᠬᠦᠮ ᠦᠭᠡᠢ ᠠᠰᠠᠭᠤᠳᠠᠯ ᠢ ᠰᠶᠢᠳᠪᠤᠷᠢᠯᠡᠵᠤ᠂ ᠨᠠᠮᠤᠷ ᠤᠨ ᠬᠤᠷᠢᠶᠠᠯᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠶᠢ ᠠᠬᠢᠭᠤᠯᠤᠭᠰᠠᠨ ᠪᠠᠶᠢᠨ᠎ᠠ᠃ ᠲᠤᠰ ᠤᠳᠠᠭᠠᠨ ᠤ ᠵᠠᠮ ᠵᠠᠰᠠᠭᠰᠠᠨ ᠨᠢ᠂ ᠡᠯ᠎ᠠ ᠭᠠᠴᠠᠭ᠎ᠠ ︽ᠤᠯᠠᠨ ᠲᠦᠮᠡᠨ ᠳᠤ ᠦᠢᠯᠡᠴᠢᠯᠡᠬᠦ︾ ᠪᠠᠷ ᠭᠠᠷᠳᠠᠴᠠ ᠪᠤᠯᠭᠠᠵᠤ᠂ ᠨᠠᠷᠢᠨ ᠨᠢᠭᠳᠠ ᠬᠠᠮᠢᠶᠠᠷᠴᠤ ᠪᠤᠳᠠᠳᠠᠢ ᠳᠤ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠪᠤᠳᠠᠳᠠᠢ ᠬᠦᠴᠢᠷᠳᠠᠯ ᠢ ᠨᠢ ᠦᠨᠡᠨᠬᠦ ᠰᠶᠢᠳᠪᠤᠷᠢᠯᠡᠵᠤ ᠦᠭᠪᠡ᠃ ᠡ᠊ᠨᠠ ᠵᠢᠯ ᠬᠤᠷ᠎ᠠ ᠪᠤᠷᠤᠭᠠᠨ ᠤᠯᠠᠨ ᠠᠴᠠ ᠪᠤᠯᠵᠤ᠂ ᠬᠦᠭᠵᠢᠯ ᠭᠠᠴᠠᠭᠠᠨ ᠤ ᠵᠠᠮ ᠨᠢ ᠠᠳᠠᠯᠢ ᠪᠤᠰᠤ ᠬᠡᠮᠵᠢᠶᠡᠨ ᠤ ᠡᠪᠳᠡᠭᠳᠡᠯ ᠳᠤ ᠤᠴᠠᠷᠠᠵᠤ᠂ ᠤᠯᠠᠨ ᠲᠦᠮᠡᠨ ᠤ ᠶᠠᠪᠤᠵᠤ ᠰᠠᠭᠤᠬᠤ ᠵᠢᠴᠢ ᠲᠠᠷᠢᠶᠠᠯᠠᠩ ᠤᠨ ᠮᠠᠰᠢᠨ ᠶᠠᠪᠤᠬᠤ ᠳᠤ ᠰᠠᠭᠠᠳ ᠤᠴᠠᠷᠠᠭᠤᠯᠵᠠᠢ᠃ ᠬᠢᠩᠭᠠᠠ ᠠᠶᠢᠮᠠᠭ ᠤᠨ ᠰᠤᠶᠤᠯ ᠵᠢᠭᠤᠯᠴᠢᠯᠠᠯ ᠤᠨ ᠪᠡᠯᠡ ᠤᠷᠤᠭᠤᠯᠬᠤ ᠪᠦᠯᠥᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠬᠠᠪᠰᠤᠷᠤᠨ ᠲᠡᠳᠬᠦᠬᠦ ᠠᠵᠢᠯ ᠢ ᠦᠷᠨᠢᠬᠦᠯᠬᠦ ᠲᠤᠮᠳᠠ ᠲᠤᠰ ᠪᠠᠶᠢᠳᠠᠯ ᠢ ᠤᠶᠢᠯᠠᠭᠠᠭᠰᠠᠨ ᠤ ᠲᠠᠷᠠᠭ᠎ᠠ ᠲᠠᠷᠤᠢ ᠳᠤᠨᠢ ᠭᠠᠴᠠᠭᠠᠨ ᠤ ᠬᠤᠶᠠᠷ ᠵᠦᠪᠯᠡᠯ ᠲᠠᠢ ᠬᠠᠷᠢᠯᠴᠠᠵᠤ᠂ ᠵᠦᠢ ᠵᠤᠬᠢᠰᠳᠠᠢ ᠲᠦᠯᠤᠪᠯᠡᠭᠡ ᠬᠢᠵᠤ᠂ ᠡᠪᠳᠡᠷᠡᠭᠰᠡᠨ ᠵᠠᠮ ᠢ ᠵᠠᠰᠠᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠬᠦᠯᠵᠤ᠂ ᠨᠠᠮᠤᠷ ᠤᠨ ᠬᠤᠷᠢᠶᠠᠯᠳᠠ ᠶᠢᠨ ᠠᠵᠢᠯ ᠢ ᠪᠠᠳᠤᠯᠠᠭᠰᠠᠨ ᠪᠠᠶᠢᠨ᠎ᠠ᠃ ᠭᠡᠭᠡᠨᠰᠦ᠋ᠮ᠎ᠠ ᠪᠠᠯᠭᠠᠰᠤ ᠤᠯᠠᠨ ᠲᠦᠮᠡᠨ ᠲᠠᠢ ᠨᠢᠭᠳᠠ ᠬᠤᠯᠪᠤᠭᠳᠠᠬᠤ ᠠᠰᠠᠭᠤᠳᠠᠯ ᠢ ᠬᠦᠴᠤᠯᠨᠨ ᠰᠶᠢᠳᠪᠤᠷᠢᠯᠡᠵᠤ᠂ ᠦᠨᠡᠨ ᠪᠤᠳᠠᠳᠠᠢ ᠠᠵᠢᠯᠯᠠᠭ᠎ᠠ ᠪᠠᠷ ᠤᠯᠠᠨ ᠲᠦᠮᠡᠨ ᠤ ᠲᠤᠯᠭᠠᠷᠠᠭᠰᠠᠨ ᠬᠦᠴᠢᠷᠳᠠᠯ ᠢ ᠨᠢ ᠰᠶᠢᠳᠪᠤᠷᠢᠯᠡᠡ ᠦᠭᠴᠤ ᠪᠤᠢ᠃ ︵ᠯᠢ ᠵᠢᠣ ᠰᠢᠶᠠᠩ︶    
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号