ᠲᠦᠯᠢᠶᠡᠮᠤᠳᠤ ᠪᠠᠯᠭᠠᠰᠤ ︽ᠰᠢᠶᠣᠤ ᠵᠢᠩ︾ ᠮᠠᠶ᠋ᠢᠭ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢᠨ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ ᠲᠥᠷᠥᠯ ᠵᠦᠢᠯ ᠢ ᠪᠠᠶᠢᠴᠠᠭᠠᠨ ᠬᠢᠨᠠᠨ ᠬᠠᠷᠭᠤᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/10/24
        ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠰᠢᠶᠣᠤ ᠵᠢᠩ﹀ ᠬᠡᠯᠪᠡᠷᠢ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠳᠤ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠲᠦᠯᠢᠶᠡᠮᠤᠳᠤ ᠪᠠᠯᠭᠠᠰᠤ ︽ᠰᠢᠶᠣᠤ ᠵᠢᠩ︾ ᠬᠡᠯᠪᠡᠷᠢ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢᠨ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠲᠥᠷᠥᠯ ᠵᠦᠢᠯ ᠤᠨ ᠪᠠᠶᠢᠴᠠᠭᠠᠨ ᠬᠠᠷᠭᠤᠭᠤᠯᠬᠤ ᠠᠵᠢᠯ ᠢ ᠥᠷᠨᠢᠭᠦᠯᠪᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠬᠤ ︽ᠰᠢᠶᠣᠤ ᠵᠢᠩ︾ ᠬᠡᠯᠪᠡᠷᠢ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠠᠭᠤᠳᠠᠯᠠᠬᠤ ᠶᠢᠨ ᠬᠠᠮᠲᠤ ᠵᠣᠷᠢᠭᠵᠢᠭᠤᠯᠬᠤ ᠶᠢᠨ ᠲᠥᠯᠥᠭᠡ᠂ ᠲᠦᠯᠢᠶᠡᠮᠤᠳᠤ ᠪᠠᠯᠭᠠᠰᠤᠨ ᠤ ︽ᠰᠢᠶᠣᠤ ᠵᠢᠩ ᠠᠯᠪᠠᠨ ᠭᠡᠷ︾ ᠠᠵᠢᠯ ᠤᠨ ᠲᠤᠰᠬᠠᠢ ᠠᠩᠭᠢ ᠪᠠᠶᠢᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠠᠰᠤᠭ ᠤᠨ ᠠᠵᠢᠯᠲᠠᠨ ᠢ ᠵᠣᠬᠢᠶᠠᠨ ᠪᠠᠶᠢᠭᠤᠯᠤᠨ ᠪᠦᠷᠢᠯᠳᠦᠬᠦᠨ ᠤ ᠲᠤᠰᠢᠶᠠᠯ ᠢ ᠡᠭᠦᠷᠭᠡᠯᠡᠵᠦ᠂ ᠭᠠᠴᠠᠭᠠᠨ ᠤ ᠲᠠᠨᠢᠯᠴᠠᠭᠤᠯᠤᠭᠰᠠᠨ 26 ︽ᠰᠢᠶᠣᠤ ᠵᠢᠩ︾ ᠮᠠᠶ᠋ᠢᠭ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠬᠠᠷᠭᠤᠭᠤᠯᠪᠠ᠃ ᠱᠠᠩᠨᠠᠨ ᠬᠥᠬᠢᠭᠦᠯᠬᠦ ᠳᠡᠰ ᠳᠠᠷᠠᠭᠠᠯᠠᠯ ᠢ ᠵᠢᠷᠤᠮᠵᠢᠭᠤᠯᠤᠨ᠎ᠠ᠃ ᠲᠤᠰ ᠬᠥᠮᠦᠨ ᠤ ᠭᠤᠶᠤᠴᠢᠯᠠᠯ ᠢᠶᠠᠷ ᠳᠡᠮᠵᠢᠨ᠂ ᠭᠠᠴᠠᠭ᠎ᠠ ᠲᠠᠨᠢᠯᠴᠠᠭᠤᠯᠬᠤ ᠪᠠᠷ ᠳᠠᠮᠵᠢᠨ᠂ ᠨᠠᠮ ᠤᠨ ᠬᠤᠷᠢᠶ᠎ᠠ ᠱᠠᠩᠨᠠᠯ ᠨᠥᠬᠦᠪᠥᠷᠢ ᠶᠢᠨ ᠵᠢᠱᠢᠭᠳᠡᠭᠴᠢ ᠶᠢ ᠠᠩᠬ᠎ᠠ ᠠᠯᠬᠤᠮ ᠲᠣᠭᠲᠠᠭᠠᠪᠠ᠃ ᠪᠠᠯᠭᠠᠰᠤᠨ ᠤ ︽ᠰᠢᠶᠣᠤ ᠵᠢᠩ ᠠᠯᠪᠠᠨ ᠭᠡᠷ︾ ᠭᠤᠣᠯᠳᠠᠭᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ᠂ ᠨᠥᠯᠥᠭᠡᠯᠡᠨ ᠳᠠᠶᠢᠴᠢᠯᠠᠬᠤ ᠡᠷᠦᠬᠡ ᠶᠢᠨ ᠲᠤᠭ᠎ᠠ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠡᠯᠡᠯᠲᠡ ᠵᠡᠷᠭᠡ ᠬᠡᠯᠪᠡᠷᠢ ᠶᠢᠨ ᠲᠣᠭᠤᠷᠢᠨ ᠳᠤ ᠦᠢᠯᠡᠳᠦᠯ ᠢ ᠲᠣᠪᠤᠶᠢᠮ᠎ᠠ ᠪᠠᠳᠠᠷᠠᠭᠤᠯᠤᠭᠰᠠᠨ ᠢ ᠡᠷᠬᠡ ᠲᠡᠭᠰᠢ᠂ ᠲᠥᠪ ᠭᠤᠣᠯᠴᠢ᠂ ᠢᠯᠡ ᠪᠣᠯᠭᠠᠬᠤ ᠵᠠᠷᠴᠢᠮ ᠢᠶᠠᠷ ᠠᠩᠬ᠎ᠠ ᠠᠯᠬᠤᠮ ᠤᠨ ᠵᠢᠱᠢᠭᠳᠡᠭᠴᠢ ᠶᠢ ᠲᠣᠭᠲᠠᠭᠠᠵᠤ᠂ ᠪᠠᠯᠭᠠᠰᠤᠨ ᠤ ᠨᠠᠮ ᠤᠨ ᠬᠤᠷᠢᠶᠠᠨ ᠤ ᠬᠤᠷᠠᠯ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠳᠡᠰ ᠳᠠᠷᠠᠭᠠᠯᠠᠯ ᠤᠨ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠪᠠ᠃ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠢᠨᠠᠨ ᠬᠠᠷᠭᠤᠭᠤᠯᠤᠭᠰᠠᠨ ᠢᠶᠠᠷ᠂ ᠮᠠᠨ ᠤ ᠪᠠᠯᠭᠠᠰᠤᠨ ᠤ ︽ᠰᠢᠶᠣᠤ ᠵᠢᠩ︾ ᠮᠠᠶ᠋ᠢᠭ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠨᠢ ᠭᠤᠣᠯᠳᠠᠭᠤ ᠬᠥᠯᠥᠰᠥᠨ ᠠᠵᠢᠯ ᠤᠨ ᠪᠠᠶᠢᠷᠢ ᠬᠠᠩᠭᠠᠬᠤ᠂ ᠦᠨ᠎ᠡ ᠲᠥᠯᠥᠪᠦᠷᠢ ᠦᠭᠡᠢ ᠪᠠᠷ ᠬᠡᠭᠡᠯᠲᠦᠭᠦᠯᠭᠡ ᠬᠢᠬᠦ᠂ ᠣᠷᠣᠯᠠᠨ ᠲᠠᠷᠢᠵᠤ ᠤᠷᠭᠤᠭᠤᠯᠬᠤ᠂ ᠣᠷᠣᠯᠠᠨ ᠲᠡᠵᠢᠭᠡᠵᠦ ᠣᠷᠣᠯᠠᠨ ᠬᠤᠳᠠᠯᠳᠤᠬᠤ᠂ ᠲᠠᠷᠢᠬᠤ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠢ ᠳᠠᠶᠢᠴᠢᠯᠠᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠦᠷᠭᠦᠯᠵᠢᠯᠡᠨ ᠤᠬᠠᠭᠤᠯᠭ᠎ᠠ ᠶᠢᠨ ᠠᠵᠢᠯ ᠢ ᠴᠢᠩᠭᠠᠳᠬᠠᠬᠤ᠂ ᠭᠤᠣᠯᠳᠠᠯᠭ᠎ᠠ ᠲᠠᠢ ᠲᠡᠳᠬᠦᠬᠦ᠂ ᠭᠤᠣᠯᠳᠠᠯᠭ᠎ᠠ ᠲᠠᠢ ᠪᠤᠶᠢᠵᠢᠭᠤᠯᠬᠤ ᠪᠠᠷ ᠳᠠᠮᠵᠢᠭᠤᠯᠤᠨ᠂ ︽ᠳᠠᠶᠢᠴᠢᠯᠠᠭᠰᠠᠨ ᠣᠨᠣᠪᠴᠢᠲᠠᠢ︾᠂ ︽ᠳᠠᠶᠢᠴᠢᠯᠠᠭᠰᠠᠨ ᠲᠣᠭᠲᠠᠭᠤᠨ︾᠂ ︽ᠳᠠᠶᠢᠴᠢᠯᠠᠭᠰᠠᠨ ᠤᠳᠠᠭᠠᠨ︾ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠳᠠᠶᠢᠴᠢᠯᠠᠬᠤ ᠦᠷ᠎ᠡ ᠠᠰᠢᠭ ᠢ ᠴᠢᠩᠭᠠᠷᠠᠭᠤᠯᠤᠨ᠎ᠠ᠃      
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号