ᠨᠠᠮᠦᠷ ᠤᠨ ᠤᠯᠠᠷᠢᠯ ᠳᠤ ᠬᠡᠤᠬᠡᠳ ᠤᠨ ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠠᠴᠠ ᠬᠢᠴᠢᠶᠡᠶ᠎ᠡ
ᠨᠡᠶᠢᠲᠡᠯᠡᠭᠰᠡᠨ ᠴᠠᠭ᠄
2023/10/24
    ᠨᠠᠮᠦᠷ ᠪᠤᠯᠪᠠᠯ᠂ ᠵᠠᠷᠢᠮ ᠬᠡᠤᠬᠡᠳ ᠤᠳ ᠪᠦᠭᠡᠯᠵᠢᠬᠦ᠂ ᠰᠠᠭᠤᠯᠭᠠᠬᠤ ᠪᠠᠶᠢᠳᠠᠯ ᠤᠯᠠᠰᠢᠷᠠᠳᠠᠭ᠂ ᠡᠨᠡ ᠨᠢ ᠬᠡᠤᠬᠡᠳ ᠬᠦᠷᠳᠦᠯᠢᠭ ᠸᠢᠷᠦ᠋ᠰ ᠤᠨ ᠲᠦᠷᠭᠡᠨ ᠴᠢᠨᠠᠷᠲᠠᠢ ᠬᠤᠳᠤᠭᠤᠲᠦ ᠭᠡᠳᠡᠰᠤᠨ ᠤ ᠦᠷᠪᠢᠰᠦᠯ ᠳᠤ ᠬᠠᠯᠳᠠᠪᠤᠷᠢᠯᠠᠭᠳᠠᠭᠰᠠᠨ ᠪᠠᠶᠢᠵᠦ ᠮᠡᠳᠡᠨ᠎ᠡ᠃ ᠤᠯᠤᠰ ᠤᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠲᠤᠪᠴᠢᠶ᠎ᠡ ᠤᠶᠢᠷ᠎ᠠ ᠳᠤ ᠡᠷᠡᠭᠦᠯ ᠮᠡᠨᠲᠦ ᠶᠢᠨ ᠰᠠᠨᠠᠭᠤᠯᠤᠮᠵᠢ ᠨᠡᠶᠢᠳᠡᠯᠡᠵᠦ᠂ ᠬᠡᠤᠬᠡᠳ ᠪᠤᠯᠤᠨ ᠬᠡᠤᠬᠡᠳ ᠠᠰᠠᠷᠠᠭᠴᠢ ᠶᠢ ᠡᠷᠡᠬᠦᠯ ᠬᠠᠮᠠᠭᠠᠯᠠᠯ ᠤᠨ ᠰᠠᠶᠢᠨ ᠲᠠᠳᠬᠠᠯ ᠲᠠᠢ ᠪᠠᠶᠢᠬᠤ᠂ ᠢᠯᠡᠩᠭᠤᠶ᠎ᠡ ᠭᠠᠷ ᠤᠨ ᠠᠷᠢᠭᠤᠨ ᠴᠡᠪᠡᠷ ᠢ ᠠᠩᠬᠠᠷᠬᠤ᠂ ᠪᠤᠬᠢᠷ ᠭᠠᠷ ᠢᠶᠠᠷ ᠢᠶᠠᠨ ᠠᠮᠠ᠂ ᠨᠢᠲᠦ᠂ ᠬᠠᠮᠠᠷ ᠪᠠ ᠢᠳᠡᠭᠡᠨ ᠵᠡᠷᠭᠡ ᠳᠤ ᠬᠦᠷᠬᠦ ᠦᠭᠡᠢ᠂ ᠬᠡᠤᠭᠡᠳ ᠢ ᠪᠤᠬᠢᠷ ᠭᠠᠷ ᠢᠶᠠᠷ ᠢᠳᠡᠭᠦᠯᠭᠦ ᠦᠭᠡᠢ᠂ ᠬᠡᠤᠬᠡᠳ ᠤᠨ ᠭᠠᠷ ᠢ ᠴᠠᠭ ᠲᠤᠬᠠᠢ ᠳᠤᠨᠢ ᠠᠷᠢᠭᠤᠳᠬᠠᠵᠦ᠂ ᠨᠠᠮᠦᠷ ᠤᠨ ᠤᠯᠠᠷᠢᠯ ᠤᠨ ᠬᠡᠤᠬᠡᠳ ᠤᠨ ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠠᠴᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃ ᠡᠷᠡᠭᠦᠯ ᠮᠠᠨᠲᠦ ᠶᠢᠨ ᠰᠠᠨᠠᠭᠤᠯᠤᠮᠵᠢ ᠶᠢ ᠦᠨᠳᠤᠰᠤᠯᠡᠪᠡᠯ᠂ ᠬᠦᠷᠳᠦᠯᠢᠭ ᠸᠢᠷᠦ᠋ᠰ ᠤᠨ ᠲᠦᠷᠭᠡᠨ ᠴᠢᠨᠠᠷᠲᠠᠢ ᠬᠤᠳᠤᠭᠤᠲᠦ ᠬᠡᠳᠡᠰᠤᠨ ᠤ ᠦᠷᠪᠢᠰᠦᠯ ᠢ ᠶᠡᠷᠦ ᠳᠡᠭᠡᠨ ︽ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠢᠶᠠᠷ ᠰᠠᠭᠤᠯᠭᠠᠬᠤ︾ ᠪᠤᠶᠤ ︽ᠨᠠᠮᠦᠷ ᠤᠨ ᠤᠯᠠᠷᠢᠯ ᠳᠤ ᠰᠠᠭᠤᠯᠭᠠᠬᠤ︾ ᠭᠡᠳᠡᠭ᠃ ᠨᠠᠮᠦᠷ ᠡᠪᠤᠯ ᠤᠨ ᠤᠯᠠᠷᠢᠯ ᠳᠤ᠂ ᠲᠡᠭᠦᠨ ᠤ ︽ᠲᠠᠭᠠᠷᠢᠯᠳᠠ︾ ᠨᠢ ᠨᠡᠩ ᠰᠢᠷᠦᠭᠦᠨ ᠪᠠᠶᠢᠳᠠᠭ᠃ ᠡᠮᠴᠢᠯᠡᠭᠡᠨ ᠤ ᠰᠢᠨᠵᠢ ᠲᠡᠮᠳᠡᠭ ᠠᠴᠠ ᠦᠵᠡᠪᠡᠯ᠂ ᠬᠡᠤᠬᠡᠳ ᠬᠠᠮᠤᠬ ᠠᠩᠬᠠᠨ ᠳᠠᠭᠠᠨ ᠪᠦᠬᠡᠯᠵᠢᠵᠦ᠂ ᠰᠡᠬᠦᠯᠡᠷ ᠨᠢ ᠠᠳᠠᠯᠢ ᠪᠤᠰᠤ ᠬᠡᠮᠵᠢᠶ᠎ᠡ ᠪᠠᠷ ᠰᠠᠭᠤᠯᠭᠠᠵᠦ᠂ ᠤᠯᠠᠩᠭᠢ ᠨᠢ ᠬᠠᠯᠠᠭᠤᠷᠠᠵᠦ᠂ ᠬᠦᠨᠲᠦ ᠨᠤᠴᠢᠳᠠᠢ ᠦᠶ᠎ᠡ ᠳᠤ ᠪᠠᠭᠠᠰᠤ ᠨᠢ ᠠᠷᠪᠢᠨ᠂ ᠤᠰᠤ ᠨᠢ ᠶᠡᠭᠡ᠂ ᠤᠳᠠᠭ᠎ᠠ ᠨᠢ ᠠᠷᠪᠢᠨ᠂ ᠰᠢᠭᠡᠭᠦ ᠬᠡᠮᠵᠢᠶ᠎ᠡ ᠨᠢ ᠪᠠᠭ᠎ᠠ ᠵᠡᠷᠭᠡ ᠡᠮᠴᠢᠯᠡᠬᠡᠨ ᠤ ᠰᠢᠨᠵᠢ ᠲᠡᠮᠳᠡᠭ ᠢᠯᠡᠷᠡᠨ᠎ᠡ᠃ ᠹᠦᠳᠡᠨ ᠶᠡᠭᠡ ᠰᠤᠷᠭᠠᠭᠤᠯᠢ ᠶᠢᠨ ᠬᠠᠷᠢᠶᠡᠲᠦ ᠬᠡᠤᠬᠡᠳ ᠤᠨ ᠰᠠᠯᠠᠭᠠᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠡᠬᠡᠯᠢᠯᠡᠭᠡ ᠶᠢᠨ ᠰᠠᠯᠠᠭᠠᠨ ᠤ ᠡᠷᠬᠢᠯᠡᠭᠴᠢ ᠸᠠᠩ ᠰᠢᠶᠤᠦ ᠴᠤᠸᠠᠨ ᠢᠯᠡᠷᠭᠡᠶᠢᠯᠡᠬᠦ ᠳᠡᠭᠡᠨ᠂ ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠳᠤ ᠴᠢᠭᠯᠡᠭᠦᠯᠤᠨ᠂ ᠤᠳᠤᠬᠠᠨ ᠳᠤ ᠤᠨᠴᠠ ᠲᠤᠰᠠᠲᠠᠢ ᠡᠮ ᠲᠠᠩ ᠬᠠᠷᠠᠬᠠᠨ ᠪᠠᠶᠢᠬᠤ ᠦᠭᠡᠢ᠂ ᠬᠦᠷᠳᠦᠯᠢᠭ ᠸᠢᠷᠦ᠋ᠰ ᠤᠨ ᠸᠠᠺᠼᠢᠨ ᠪᠤᠯ ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠤᠨ ᠴᠢᠨᠠᠷᠲᠠᠢ ᠰᠠᠭᠤᠯᠭᠠᠬᠤ ᠶᠢ ᠰᠡᠷᠭᠡᠶᠢᠯᠡᠬᠦ ᠬᠠᠮᠤᠬ ᠤᠨ ᠪᠦᠳᠦᠮᠵᠢᠲᠡᠢ ᠠᠷᠭ᠎ᠠ ᠮᠦᠨ ᠬᠡᠵᠡᠢ᠃ ᠲᠤᠮᠳᠠᠲᠦ ᠤᠯᠤᠰ ᠤᠨ ᠡᠪᠡᠳᠴᠢᠨ ᠡᠮᠬᠡᠭ ᠰᠡᠷᠭᠡᠶᠢᠯᠡᠨ ᠬᠢᠵᠠᠭᠠᠷᠯᠠᠬᠤ ᠲᠦᠪ ᠤᠨ ᠬᠤᠯᠪᠤᠭᠳᠠᠯ ᠪᠦᠬᠦᠢ ᠲᠤᠰᠬᠠᠢ ᠮᠡᠷᠭᠡᠵᠢᠯᠳᠡᠨ ᠢᠯᠡᠷᠭᠡᠶᠢᠯᠡᠬᠦ ᠳᠡᠭᠡᠨ᠂ ᠬᠠᠯᠳᠠᠪᠤᠷᠢᠯᠠᠭᠳᠠᠭᠰᠠᠨ ᠬᠡᠤᠬᠡᠳ ᠤᠨ ᠡᠪᠡᠳᠴᠢᠨ ᠤ ᠪᠠᠶᠢᠳᠠᠯ ᠨᠢ ᠡᠩ ᠤᠨ ᠪᠠᠶᠢᠳᠠᠯ ᠳᠤ ᠲᠡᠶᠢᠮᠦ ᠬᠦᠨᠲᠦ ᠪᠢᠰᠢ᠂ ᠵᠤᠬᠢᠬᠤ ᠬᠡᠮᠵᠢᠶ᠎ᠡ ᠪᠠᠷ ᠰᠢᠩᠭᠡᠨ ᠨᠦᠬᠦᠪᠤᠷᠢᠯᠡᠪᠡᠯ ︽ᠡᠮ ᠬᠡᠷᠡᠭᠯᠡᠬᠦ ᠦᠭᠡᠢ ᠪᠠᠷ ᠡᠳᠡᠭᠡᠷᠡᠵᠦ︾ ᠪᠤᠯᠤᠨ᠎ᠠ᠃ ᠭᠡᠪᠡᠴᠦ ᠰᠠᠭᠤᠯᠭᠠᠬᠤ ᠪᠤᠶᠤ ᠪᠦᠬᠡᠯᠵᠢᠬᠦ ᠨᠢ ᠭᠡᠴᠡᠭᠦᠦ ᠦᠶ᠎ᠡ ᠳᠤ ᠤᠮᠳᠤᠭᠠᠶᠢᠯᠠᠵᠦ ᠪᠤᠯᠬᠤ ᠦᠬᠡᠢ᠂ ᠴᠠᠭ ᠲᠤᠬᠠᠢ ᠳᠤᠨᠢ ᠡᠮᠨᠡᠭᠦᠯᠭᠦ ᠬᠡᠷᠡᠭᠲᠡᠢ᠃ ᠬᠡᠤᠬᠡᠳ ᠤᠨ ᠤᠰᠤ ᠠᠯᠳᠠᠭᠰᠠᠨ ᠠᠴᠠ ᠪᠤᠯᠵᠦ ᠦᠬᠦᠳᠬᠢᠭᠦ ᠠᠴᠠ ᠵᠠᠶᠢᠯᠠᠰᠬᠢᠬᠦ᠂ ᠢᠯᠡᠩᠭᠤᠶ᠎ᠡ 1 ᠨᠠᠰᠤᠨ ᠠᠴᠠ ᠪᠠᠭ᠎ᠠ ᠬᠡᠤᠬᠡᠳ ᠲᠤ ᠨᠡᠩ ᠴᠤ ᠬᠤᠤᠷ ᠬᠦᠨᠦᠭᠡᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ ᠬᠡᠵᠡᠢ᠃ ᠡᠬᠦᠨ ᠤ ᠬᠠᠮᠲᠦ᠂ ᠭᠡᠷ ᠤᠨ ᠠᠬᠠᠮᠡᠳ ᠨᠠᠷ ᠬᠡᠷ ᠪᠦᠯᠢ ᠶᠢᠨ ᠡᠷᠡᠭᠦᠯ ᠬᠠᠮᠠᠭᠠᠯᠠᠯ ᠢ ᠠᠩᠬᠠᠷᠴᠦ᠂ ᠬᠡᠷ ᠦᠷᠦᠭᠡ ᠳᠡᠭᠡᠨ ᠦᠷᠬᠦᠯᠵᠢ ᠰᠠᠯᠬᠢ ᠨᠡᠪᠳᠡᠷᠡᠬᠦᠯᠵᠦ᠂ ᠬᠡᠤᠬᠡᠳ ᠤᠨ ᠢᠳᠡᠭᠡᠨ ᠤ ᠰᠠᠪᠠ ᠬᠡᠷᠡᠭᠰᠡᠯ ᠢ ᠬᠡᠷᠡᠭᠯᠡᠬᠦ ᠠᠴᠠ ᠡᠮᠦᠨ᠎ᠡ ᠤᠬᠢᠶᠠᠵᠦ ᠴᠡᠪᠡᠷᠯᠡᠬᠦ ᠬᠡᠷᠡᠭᠲᠡᠢ᠂ ᠬᠤᠪᠴᠠᠰᠤ ᠬᠤᠨᠠᠷ ᠬᠦᠨᠵᠢᠯᠡ ᠲᠡᠪᠢᠰᠭᠡᠷ᠂ ᠨᠠᠭᠠᠳᠤᠮ ᠤᠨ ᠵᠦᠢᠯ ᠵᠡᠷᠭᠡ ᠶᠢ ᠦᠷᠭᠦᠯᠵᠢ ᠰᠤᠯᠢᠵᠦ ᠤᠬᠢᠶᠠᠬᠤ ᠶᠢ ᠰᠠᠨᠠᠭᠤᠯᠵᠠᠢ᠃ ︵ᠡᠭᠡ ᠪᠢᠴᠢᠭ ᠢ ︽ᠬᠦᠯᠥᠭ ᠰᠦᠯᠵᠢᠶ᠎ᠡ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号