ᠣᠯᠠᠩᠬᠢ ᠡᠪᠡᠳᠴᠢᠨ ᠡᠭᠦᠨ ᠠᠴᠠ ᠪᠣᠯᠵᠤ ᠡᠭᠦᠰᠳᠡᠭ
ᠨᠡᠶᠢᠲᠡᠯᠡᠭᠰᠡᠨ ᠴᠠᠭ᠄
2023/10/24
    ᠤᠳᠤ ᠦᠶ᠎ᠡ ᠶᠢᠨ ᠠᠮᠢᠳᠤᠷᠠᠯ ᠨᠢ ᠳᠠᠷᠤᠯᠲᠠ ᠶᠡᠬᠡᠲᠡᠢ ᠪᠠᠶᠢᠳᠠᠭ᠃ ᠠᠵᠢᠯ᠂ ᠭᠡᠷ ᠪᠦᠯᠢ᠂ ᠦᠷ᠎ᠡ ᠬᠡᠦᠬᠡᠳ᠂ ᠭᠡᠷ ᠪᠠᠶᠢᠰᠢᠩ᠂ ᠲᠡᠷᠭᠡ ᠮᠠᠰᠢᠨ ᠁ ᠭᠡᠳ ᠬᠥᠮᠥᠰ ᠤᠨ ᠪᠡᠶ᠎ᠡ ᠰᠡᠳᠬᠢᠯ ᠢ ᠲᠦᠢᠯ ᠢᠶᠠᠷ ᠵᠦᠳᠡᠭᠡᠵᠦ ᠪᠠᠶᠢᠳᠠᠭ᠃ ᠵᠣᠬᠢᠬᠤ ᠬᠡᠮᠵᠢᠶᠡᠨ ᠤ ᠳᠠᠷᠤᠯᠲᠠ ᠨᠢ ᠬᠥᠮᠥᠰ ᠤᠨ ᠠᠮᠢᠳᠤᠷᠠᠯ ᠠᠵᠢᠯ ᠦᠢᠯᠡᠰ ᠢ ᠨᠡᠩ ᠢᠯᠡᠭᠦᠦ ᠬᠥᠳᠡᠯᠭᠡᠬᠦ ᠬᠦᠴᠦᠨ ᠲᠠᠢ ᠪᠣᠯᠭᠠᠵᠤ ᠪᠣᠯᠣᠨ᠎ᠠ᠂ ᠭᠡᠪᠡᠴᠦ ᠳᠠᠷᠤᠯᠲᠠ ᠬᠡᠲᠦᠷᠬᠡᠢ ᠶᠡᠭᠡ ᠪᠣᠯᠪᠠᠯ ᠣᠯᠵᠠ ᠨᠢ ᠭᠠᠷᠤᠵᠠ ᠳᠠᠭᠠᠨ ᠬᠦᠷᠬᠦ ᠦᠭᠡᠢ ᠪᠣᠯᠣᠨ᠎ᠠ᠃ ᠨᠠᠢᠮᠠᠨ ᠬᠤᠪᠢ ᠶᠢᠨ ᠡᠪᠡᠳᠴᠢᠨ ᠨᠢ ᠳᠠᠷᠤᠯᠲᠠ ᠠᠴᠠ ᠢᠷᠡᠯᠲᠡ ᠲᠠᠢ᠃ ᠡᠨᠡ ᠪᠣᠯ ᠠᠮᠧᠷᠢᠺᠠ ᠶᠢᠨ ᠰᠡᠳᠬᠢᠯ ᠵᠦᠢ ᠶᠢᠨ ᠤᠬᠠᠭᠠᠨᠲᠠᠨ 2005 ᠣᠨ ᠳᠤ ᠣᠷᠴᠢᠮ ᠤᠨ 20 ᠵᠢᠯ ᠳᠤ ᠨᠡᠶᠢᠲᠡᠯᠡᠭᠰᠡᠨ ᠰᠤᠳᠤᠯᠭᠠᠨ ᠤ ᠦᠷ᠎ᠡ ᠪᠦᠲᠦᠭᠡᠯ ᠢ ᠮᠥᠷᠳᠡᠨ ᠪᠠᠶᠢᠴᠠᠭᠠᠭᠰᠠᠨ ᠤ ᠳᠠᠷᠠᠭ᠎ᠠ ᠣᠯᠣᠭᠰᠠᠨ ᠳ᠋ᠦᠩᠨᠡᠯᠲᠡ ᠪᠣᠯᠣᠨ᠎ᠠ᠃ ᠡᠭᠦᠨ ᠠᠴᠠ ᠭᠠᠳᠠᠨ᠎ᠠ᠂ ᠠᠮᠧᠷᠢᠺᠠ ᠶᠢᠨ ᠳᠠᠷᠤᠯᠲᠠ ᠶᠢᠨ ᠬᠠᠮᠢᠶᠠᠷᠤᠯᠲᠠ ᠶᠢᠨ ᠨᠡᠶᠢᠭᠡᠮᠯᠢᠭ ᠠᠴᠠ ᠪᠠᠰᠠ 75% ~ 90% ᠶᠢᠨ ᠡᠬᠢᠨ ᠤ ᠬᠤᠭᠤᠴᠠᠭᠠᠨ ᠤ ᠳᠣᠲᠣᠷ ᠰᠠᠯᠠᠭᠠᠨ ᠤ ᠡᠪᠡᠳᠴᠢᠨ ᠪᠣᠯ ᠳᠠᠷᠤᠯᠲᠠ ᠠᠴᠠ ᠪᠣᠯᠤᠭᠰᠠᠨ ᠶᠤᠮ ᠭᠡᠵᠦ ᠵᠢᠭᠠᠵᠤ ᠭᠠᠷᠭᠠᠵᠠᠢ᠃ ᠥᠭᠡᠷ᠎ᠡ ᠪᠠᠷ ᠬᠡᠯᠡᠪᠡᠯ᠂ ᠳᠣᠲᠣᠷ ᠰᠠᠯᠠᠭᠠᠨ ᠤ ᠡᠪᠡᠳᠴᠢᠲᠡᠨ ᠤ ᠳᠣᠲᠣᠷᠠᠬᠢ ᠲᠤᠯᠤᠭᠠᠨ ᠬᠤᠪᠢ ᠠᠴᠠ ᠶᠢᠰᠦᠨ ᠬᠤᠪᠢ ᠨᠢ ᠭᠤᠣᠯᠳᠠᠭᠤ ᠳᠠᠷᠤᠯᠲᠠ ᠠᠴᠠ ᠪᠣᠯᠵᠤ ᠡᠯ᠎ᠡ ᠵᠦᠢᠯ ᠤᠨ ᠪᠡᠶ᠎ᠡ ᠮᠠᠬᠠᠪᠤᠳ ᠤᠨ ᠡᠪᠡᠳᠴᠢᠨ ᠳᠤ ᠨᠡᠷᠪᠡᠭᠳᠡᠳᠡᠭ ᠪᠠᠶᠢᠨ᠎ᠠ᠃ ᠡᠳᠡᠭᠡᠷ ᠡᠪᠡᠳᠴᠢᠨ ᠤ ᠣᠯᠠᠩᠬᠢ ᠨᠢ ᠳᠠᠷᠤᠯᠲᠠ ᠬᠡᠲᠦᠷᠬᠡᠢ ᠶᠡᠭᠡ ᠲᠠᠢ ᠬᠤᠯᠪᠤᠭ᠎ᠠ ᠲᠠᠢ᠃ ᠬᠤᠳᠣᠭᠤᠳᠤ ᠡᠪᠡᠳᠬᠦ᠂ ᠬᠤᠳᠣᠭᠤᠳᠤ ᠴᠢᠨᠦᠷᠡᠬᠦ᠂ ᠴᠢᠨᠠᠭᠰᠢᠯᠠᠪᠠᠯ ᠬᠤᠳᠣᠭᠤᠳᠤᠨ ᠤ ᠰᠢᠷᠬᠠᠯᠠᠭ᠎ᠠ᠂ ᠨᠤᠭᠤᠯᠤᠭᠤᠷ ᠭᠡᠳᠡᠰᠦᠨ ᠤ ᠰᠢᠷᠬᠠᠯᠠᠭ᠎ᠠ ᠵᠡᠷᠭᠡ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ᠂ ᠲᠠᠷᠢᠬᠢ ᠵᠢᠷᠦᠬᠡᠨ ᠰᠤᠳᠠᠯ ᠤᠨ ᠡᠪᠡᠳᠴᠢᠨ᠂ ᠬᠥᠬᠦᠨ ᠪᠤᠯᠴᠢᠷᠬᠠᠢ ᠶᠢᠨ ᠡᠪᠡᠳᠴᠢᠨ᠂ ᠰᠢᠬᠢᠷ ᠰᠢᠵᠢᠩ ᠡᠪᠡᠳᠴᠢᠨ᠂ ᠪᠠᠮᠪᠠᠢ ᠪᠤᠯᠴᠢᠷᠬᠠᠢ ᠶᠢᠨ ᠡᠪᠡᠳᠴᠢᠨ᠂ ᠵᠢᠷᠮᠦᠰᠦᠯᠡᠬᠦ ᠦᠭᠡᠢ ᠡᠪᠡᠳᠴᠢᠨ᠂ ᠬᠤᠣᠷᠲᠤ ᠬᠠᠪᠤᠳᠠᠷ᠂ ᠭᠠᠩᠰᠠᠷᠠᠯ ᠤᠨ ᠭᠡᠮ᠂ ᠶᠠᠰᠤᠨ ᠤ ᠡᠳ᠋ ᠠᠯᠳᠠᠭᠳᠠᠬᠤ᠂ ᠨᠦᠢᠷ ᠬᠤᠯᠵᠢᠬᠤ ᠵᠡᠷᠭᠡ ᠡᠪᠡᠳᠴᠢᠨ ᠨᠢ ᠪᠠᠷᠤᠭ ᠪᠦᠷ ᠳᠠᠷᠤᠯᠲᠠ ᠠᠴᠠ ᠪᠣᠯᠤᠭᠰᠠᠨ ᠶᠤᠮ ᠪᠠᠶᠢᠨ᠎ᠠ᠃ ᠰᠤᠳᠤᠯᠭᠠᠨ ᠠᠴᠠ ᠦᠵᠡᠪᠡᠯ᠂ ᠨᠠᠮ ᠲᠣᠭᠲᠠᠭᠤᠨ ᠰᠠᠭᠤᠬᠤ᠂ ᠬᠥᠳᠡᠯᠭᠡᠭᠡᠨ ᠬᠢᠬᠦ᠂ ᠳᠠᠭᠤᠤ ᠬᠥᠭᠵᠢᠮ ᠰᠣᠨᠣᠰᠬᠤ᠂ ᠠᠩᠬᠠᠷᠤᠯ ᠢᠶᠠᠨ ᠰᠢᠯᠵᠢᠭᠦᠯᠬᠦ ᠵᠡᠷᠭᠡ ᠨᠢ ᠳᠠᠷᠤᠯᠲᠠ ᠶᠢ ᠪᠠᠭᠠᠰᠬᠠᠬᠤ ᠳᠤ ᠮᠠᠰᠢ ᠲᠤᠰᠠ ᠲᠠᠢ ᠪᠠᠶᠢᠳᠠᠭ᠃  
 
ᠢᠷᠡᠯᠲᠡ᠄ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号