ᠲᠠᠷᠢᠮᠠᠯ ᠤᠨ ᠭᠠᠩ ᠢ ᠡᠰᠡᠷᠭᠦᠴᠡᠬᠦ ᠠᠷᠭ᠎ᠠ ᠪᠠᠷᠢᠯ ᠳᠤ ᠶᠠᠮᠠᠷ ᠬᠡᠳᠦᠨ ᠵᠦᠢᠯ ᠪᠠᠶᠢᠳᠠᠭ ᠪᠤᠢ
ᠨᠡᠶᠢᠲᠡᠯᠡᠭᠰᠡᠨ ᠴᠠᠭ᠄
2023/10/24
     ᠨᠢᠭᠡ᠂ ᠰᠢᠷ᠎ᠠ ᠪᠤᠷᠴᠠᠭ ᠤᠨ ᠭᠠᠩ ᠢ ᠡᠰᠡᠷᠭᠦᠴᠡᠬᠦ ᠠᠷᠭ᠎ᠠ ᠪᠠᠷᠢᠯ ᠳᠤ ᠭᠤᠣᠯᠳᠠᠭᠤ ᠳᠣᠣᠷᠠᠬᠢ ᠬᠡᠳᠦᠨ ᠵᠦᠢᠯ ᠪᠤᠢ︖    1. ᠤᠰᠥᠨ ᠤ ᠡᠬᠢ ᠰᠤᠷᠪᠤᠯᠵᠢ ᠶᠢ ᠢᠳᠡᠪᠬᠢᠲᠡᠢ ᠮᠠᠯᠲᠠᠵᠤ᠂ ᠤᠰᠤ ᠨᠥᠬᠦᠪᠦᠷᠢᠯᠡᠬᠦ ᠬᠤᠳᠳᠤᠭ ᠨᠡᠮᠡᠵᠦ ᠮᠠᠯᠲᠠᠨ᠂ ᠤᠰᠤᠯᠠᠯᠲᠠ ᠪᠠᠨ ᠢᠯᠭᠤᠮ ᠪᠣᠯᠭᠠᠨ᠎ᠠ᠃     2. ᠤᠰᠥᠨ ᠳᠤ ᠭᠠᠮᠲᠠᠢ ᠤᠰᠤᠯᠠᠬᠤ ᠠᠷᠭ᠎ᠠ ᠶᠢ ᠳᠡᠯᠭᠡᠷᠡᠭᠦᠯᠦᠨ᠎ᠡ᠃ ᠲᠠᠷᠢᠶᠠᠨ ᠳᠠᠯᠠᠩ ᠤᠨ ᠬᠠᠵᠠᠭᠤ ᠪᠠᠷ ᠭᠤᠤ ᠮᠠᠯᠲᠠᠵᠤ᠂ ᠤᠰᠤ ᠨᠡᠪᠴᠢᠷᠡᠭᠦᠯᠦᠨ ᠤᠰᠤᠯᠠᠬᠤ᠂ ᠲᠦᠰᠦᠷᠭᠡᠨ ᠤᠰᠤᠯᠠᠬᠤ ᠵᠡᠷᠭᠡ ᠠᠷᠭ᠎ᠠ ᠪᠠᠷ ᠤᠰᠤᠯᠠᠬᠤ ᠶᠢᠨ ᠬᠠᠮᠲᠤ ᠰᠥᠨᠢ ᠥᠨᠵᠢᠭᠡᠳ ᠨᠢᠮᠭᠡᠨ ᠰᠢᠷᠣᠢ ᠪᠠᠷ ᠳᠠᠷᠤᠵᠤ ᠪᠤᠯᠤᠳᠠᠬᠤ ᠠᠷᠭ᠎ᠠ ᠪᠠᠷ ᠤᠰᠤ ᠨᠥᠬᠦᠪᠦᠷᠢᠯᠡᠬᠦ ᠪᠠ ᠴᠢᠬᠢᠭ ᠢ ᠬᠠᠮᠠᠭᠠᠯᠠᠨ᠎ᠠ᠃      3. ᠰᠢᠷ᠎ᠠ ᠪᠤᠷᠴᠠᠭ ᠢᠶᠠᠨ ᠳᠠᠷᠢᠭᠰᠠᠨ ᠤ ᠳᠠᠷᠠᠭ᠎ᠠ ᠪᠠᠶᠢᠴᠠᠭᠠᠬᠤ ᠠᠵᠢᠯ ᠢᠶᠠᠨ ᠳᠠᠷᠦ᠋ᠢᠬᠠᠨ ᠬᠢᠵᠦ᠂ ᠳᠠᠷᠢᠭᠰᠠᠨ ᠤ ᠳᠠᠷᠠᠭᠠᠬᠢ 3 - 5 ᠬᠤᠨᠤᠭ ᠪᠣᠯᠪᠠᠯ ᠴᠢᠬᠢᠭ ᠤᠨ ᠪᠠᠶᠢᠳᠠᠯ ᠢ ᠡᠬᠢᠯᠡᠨ ᠪᠠᠶᠢᠴᠠᠭᠠᠵᠤ᠂ ᠰᠦᠶ᠎ᠡ ᠬᠠᠳᠠᠭᠰᠠᠨ᠂ ᠦᠷ᠎ᠡ ᠦᠬᠦᠭᠰᠡᠨ ᠭᠠᠵᠠᠷ ᠲᠤ ᠴᠠᠭ ᠲᠤᠬᠠᠢ ᠳᠤ ᠨᠢ ᠤᠰᠤᠯᠠᠨ ᠨᠥᠬᠦᠵᠦ ᠳᠠᠷᠢᠬᠤ ᠬᠡᠷᠡᠭᠲᠡᠢ᠃ ᠴᠢᠬᠢᠯᠡᠭᠰᠡᠨ ᠤ ᠳᠠᠷᠠᠭ᠎ᠠ ᠴᠢᠬᠢ ᠶᠢᠨ ᠪᠠᠶᠢᠳᠠᠯ ᠢ ᠪᠠᠶᠢᠴᠠᠭᠠᠵᠤ᠂ ᠰᠦᠷᠡᠬᠡᠢ ᠭᠠᠩᠳᠠᠭᠰᠠᠨ ᠭᠠᠵᠠᠷ ᠲᠤ ᠤᠰᠤᠯᠠᠬᠤ ᠬᠡᠷᠡᠭᠲᠡᠢ᠃ ᠴᠢᠬᠢᠯᠡᠬᠦ ᠠᠴᠠ ᠡᠮᠦᠨ᠎ᠡ ᠤᠷᠭᠤᠮᠠᠯ ᠤᠨ ᠰᠦᠶ᠎ᠡ ᠶᠢᠨ ᠪᠠᠶᠢᠳᠠᠯ ᠢ ᠪᠠᠶᠢᠴᠠᠭᠠᠵᠤ᠂ ᠴᠢᠬᠢᠯᠡᠭᠰᠡᠨ ᠨᠢ ᠵᠢᠭᠳᠡ ᠦᠭᠡᠢ ᠭᠠᠵᠠᠷ ᠲᠤ ᠳᠠᠷᠦ᠋ᠢᠬᠠᠨ ᠨᠥᠬᠦᠵᠦ ᠳᠠᠷᠢᠬᠤ ᠬᠡᠷᠡᠭᠲᠡᠢ᠃    4. ᠰᠢᠷ᠎ᠠ ᠪᠤᠷᠴᠠᠭ ᠴᠢᠬᠢᠯᠡᠭᠰᠡᠨ ᠤ ᠳᠠᠷᠠᠭ᠎ᠠ ᠬᠤᠭ ᠡᠪᠡᠰᠦ ᠶᠢ ᠨᠢ ᠳᠠᠷᠦ᠋ᠢᠬᠠᠨ ᠠᠷᠢᠯᠭᠠᠵᠤ᠂ ᠲᠠᠷᠢᠶᠠᠨ ᠭᠠᠵᠠᠷ ᠤᠨ ᠤᠰᠥᠨ ᠤ ᠬᠤᠷᠣᠭᠳᠠᠯ ᠢ ᠪᠠᠭᠠᠰᠬᠠᠬᠤ ᠬᠡᠷᠡᠭᠲᠡᠢ᠃    5. ᠬᠥᠷᠥᠰᠥᠨ ᠤ ᠴᠢᠬᠢᠭ ᠠᠨᠠᠶᠢᠬᠠᠨ ᠪᠥᠭᠡᠳ ᠤᠰᠥᠨ ᠤ ᠡᠬᠢ ᠰᠤᠷᠪᠤᠯᠵᠢ ᠭᠦᠢᠴᠡᠳ ᠦᠭᠡᠢ ᠦᠶ᠎ᠡ ᠳᠤ ᠬᠥᠷᠥᠰᠥ ᠰᠤᠯᠠᠷᠠᠭᠤᠯᠬᠤ ᠪᠣᠯᠣᠨ ᠠᠷᠴᠢᠵᠤ ᠳᠠᠩᠨᠠᠪᠠᠯ ᠴᠢᠬᠢᠭ ᠢ ᠬᠠᠮᠠᠭᠠᠯᠠᠨ ᠭᠠᠩᠳᠠᠬᠤ ᠠᠴᠠ ᠰᠡᠷᠭᠡᠶᠢᠯᠡᠬᠦ ᠳᠤ ᠠᠰᠢᠭᠲᠠᠢ ᠪᠠᠶᠢᠳᠠᠭ᠃      ᠬᠤᠶᠠᠷ᠂ ᠤᠰᠥᠨ ᠲᠤᠲᠤᠷᠭ᠎ᠠ ᠶᠢᠨ ᠭᠠᠩ ᠢ ᠡᠰᠡᠷᠭᠦᠴᠡᠬᠦ ᠲᠠᠷᠢᠶᠠᠨ ᠠᠵᠢᠯ ᠤᠨ ᠬᠠᠮᠢᠶᠠᠷᠤᠯᠲᠠ ᠶᠢᠨ ᠮᠡᠷᠭᠡᠵᠢᠯ ᠳᠤ ᠶᠠᠮᠠᠷ ᠬᠡᠳᠦᠨ ᠵᠦᠢᠯ ᠪᠠᠶᠢᠳᠠᠭ ᠪᠤᠢ︖    1. ᠤᠰᠥᠨ ᠤ ᠡᠬᠢ ᠰᠤᠷᠪᠤᠯᠵᠢ ᠶᠢ ᠢᠳᠡᠪᠬᠢᠲᠡᠢ ᠨᠡᠭᠡᠭᠡᠵᠦ᠂ ᠤᠰᠥᠨ ᠲᠤᠲᠤᠷᠭ᠎ᠠ ᠶᠢᠨ ᠤᠷᠭᠤᠯᠲᠠ ᠶᠢᠨ ᠪᠦᠬᠦ ᠬᠤᠭᠤᠴᠠᠭᠠᠨ ᠳᠤ ᠬᠡᠷᠡᠭᠰᠡᠬᠦ ᠤᠰᠥᠨ ᠤ ᠬᠡᠮᠵᠢᠶ᠎ᠡ ᠶᠢ ᠰᠠᠶᠢᠲᠤᠷ ᠲᠥᠯᠥᠪᠯᠡᠬᠦ ᠬᠡᠷᠡᠭᠲᠡᠢ᠃   2. ᠤᠰᠥᠨ ᠳᠤ ᠭᠠᠮᠲᠠᠢ ᠤᠰᠤᠯᠠᠬᠤ ᠮᠡᠷᠭᠡᠵᠢᠯ ᠢ ᠳᠡᠯᠭᠡᠷᠡᠭᠦᠯᠦᠨ᠂ ᠰᠢᠨᠵᠢᠯᠡᠬᠦ ᠤᠬᠠᠭᠠᠨᠴᠢ ᠪᠠᠷ ᠤᠰᠤ ᠠᠷᠪᠢᠯᠠᠬᠤ ᠬᠡᠷᠡᠭᠲᠡᠢ᠃ ᠠᠰᠢᠭᠲᠤ ᠪᠤᠳᠠᠯᠠᠬᠤ ᠬᠤᠭᠤᠴᠠᠭᠠᠨ ᠠᠴᠠ ᠡᠮᠦᠨ᠎ᠡ ᠭᠦᠢᠬᠡᠨ ᠤᠰᠤ ᠪᠠᠷ ᠤᠰᠤᠯᠠᠬᠤ ᠪᠠᠷ ᠭᠤᠣᠯᠯᠠᠵᠤ᠂ ᠠᠰᠢᠭᠲᠤ ᠪᠤᠳᠠᠯᠠᠬᠤ ᠬᠤᠭᠤᠴᠠᠭ᠎ᠠ ᠲᠡᠭᠦᠰᠬᠦ ᠦᠶ᠎ᠡ ᠳᠤ ᠤᠰᠤ ᠶᠢ ᠨᠢ ᠳᠠᠷᠦ᠋ᠢᠬᠠᠨ ᠭᠠᠳᠠᠭᠰᠢᠯᠠᠭᠤᠯᠤᠭᠠᠳ ᠳᠠᠷᠢᠶ᠎ᠠ ᠪᠠᠨ 7 - 10 ᠬᠤᠨᠤᠭ ᠡᠪᠡᠷᠡᠭᠡᠵᠦ᠂ ᠬᠠᠲᠠᠭᠤᠷᠠᠵᠤ ᠪᠣᠯᠪᠠᠰᠤᠷᠠᠬᠤ ᠬᠤᠭᠤᠴᠠᠭᠠᠨ ᠳᠤ ᠨᠢ ᠴᠢᠬᠢᠭ ᠲᠠᠢ ᠠᠴᠠ ᠨᠢ ᠬᠠᠭᠤᠷᠠᠶᠢᠰᠢᠭᠤᠯᠤᠨ᠎ᠠ᠃   3. ᠬᠡᠷᠪᠡ ᠳᠠᠷᠢᠭᠰᠠᠨ ᠤ ᠳᠠᠷᠠᠭ᠎ᠠ ᠶᠡᠭᠡ ᠳᠠᠯᠠᠪᠠᠢ ᠪᠠᠷ ᠭᠠᠩᠳᠠᠬᠤ ᠳᠤ ᠬᠦᠷᠪᠡᠯ ᠬᠤᠭ ᠡᠪᠡᠰᠦ ᠶᠢ ᠨᠢ ᠳᠠᠷᠦ᠋ᠢᠬᠠᠨ ᠠᠷᠢᠯᠭᠠᠬᠤ ᠬᠡᠷᠡᠭᠲᠡᠢ᠃ 4. ᠤᠰᠥᠨ ᠤ ᠡᠬᠢ ᠰᠤᠷᠪᠤᠯᠵᠢ ᠬᠦᠷᠦᠯᠴᠡᠬᠦ ᠦᠭᠡᠢ ᠭᠠᠵᠠᠷ ᠣᠷᠣᠨ ᠳᠤ ᠭᠠᠩᠳᠠᠬᠤ ᠶᠢ ᠰᠡᠷᠭᠡᠶᠢᠯᠡᠬᠦ ᠡᠳ᠋ ᠬᠡᠷᠡᠭᠯᠡᠬᠦ ᠪᠤᠶᠤ ᠪᠦᠲᠡᠭᠡᠯᠭᠡ ᠪᠠᠨ ᠵᠤᠵᠠᠭᠠᠯᠠᠬᠤ ᠵᠡᠷᠭᠡ ᠠᠷᠭ᠎ᠠ ᠪᠠᠷ ᠴᠢᠬᠢᠭ ᠠᠴᠠ ᠬᠠᠮᠠᠭᠠᠯᠠᠨ ᠭᠠᠩ ᠢ ᠡᠰᠡᠷᠭᠦᠴᠡᠨ᠎ᠡ᠃
 
ᠢᠷᠡᠯᠲᠡ᠄ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号