ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠢᠪᠠ
ᠨᠡᠶᠢᠲᠡᠯᠡᠭᠰᠡᠨ ᠴᠠᠭ᠄
2023/10/26
    10 ᠳ᠋ᠤᠭᠠᠷ ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠢᠵᠦ᠂  ᠶᠡᠷᠦᠩᠬᠡᠶ ᠱᠦᠵᠢ ᠰᠢ ᠶᠢᠨ ᠫᠢᠩ  ᠤᠨ ᠠᠶᠤᠯᠭᠦᠶ  ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ  ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠵᠠᠩ ᠰᠢᠶᠤᠤ ᠪᠢᠩ ᠬᠡᠯᠡᠬᠦ ᠳᠡᠭᠡᠨ᠂ ᠠᠶᠤᠯᠭᠦᠶ ᠦᠢᠯᠡᠳᠪᠦᠷᠢᠯᠡᠯ ᠪᠣᠯ ᠬᠥᠮᠦᠨ ᠤ ᠠᠮᠢ ᠨᠠᠰᠤᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠡᠭᠦᠨ ᠢ ᠬᠤᠷᠣᠮᠬᠠᠨ ᠵᠠᠭᠤᠷ᠎ᠠ ᠴᠤ ᠣᠮᠲᠣᠭᠠᠶᠢᠯᠠᠵᠤ ᠪᠣᠯᠬᠤ ᠥᠬᠡᠶ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠢᠯᠡᠳᠪᠦᠷᠢᠯᠡᠯ ᠤᠨ ᠡᠨᠡᠬᠦ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠶᠡᠷᠦᠩᠬᠡᠶ ᠱᠦᠵᠢ ᠰᠢ ᠶᠢᠨ ᠫᠢᠩ  ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ︽ᠬᠥᠭᠵᠢᠯᠲᠡ ᠨᠢ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠵᠤ ᠶᠠᠭᠠᠬᠢᠭᠰᠠᠨ ᠴᠤ ᠪᠣᠯᠬᠤ ᠥᠬᠡᠶ︾ ᠭᠡᠬᠦ ᠤᠯᠠᠭᠠᠨ ᠱᠤᠭᠤᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠯ᠎ᠡ ᠠᠵᠢᠯ ᠲᠥᠷᠥᠯ᠂ ᠡᠯ᠎ᠡ ᠬᠦᠷᠢᠶ᠎ᠡ᠂ ᠡᠯ᠎ᠡ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠠᠰᠠᠭᠤᠳᠠᠯ ᠤᠨ ᠳᠠᠯᠳᠠ ᠬᠡᠮ ᠤᠨ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠰᠠᠭᠤᠳᠠᠯ ᠢ ᠠᠩᠬᠠᠷᠴᠤ᠂ ᠳᠠᠯᠳᠠ ᠬᠡᠮ ᠢ ᠠᠷᠢᠯᠭᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠪᠦᠬᠦ ᠬᠦᠷᠢᠶ᠎ᠡ᠂ ᠪᠦᠬᠦ  ᠬᠡᠯᠬᠢᠶ᠎ᠡ᠂ ᠪᠦᠬᠦ ᠠᠵᠢᠯ ᠤᠨ ᠲᠦᠷᠦᠯ ᠤᠨ ᠠᠮᠤᠷ ᠲᠦᠪᠰᠢᠨ ᠤ ᠬᠥᠮᠦᠵᠢᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠰᠢᠲᠠᠮᠠᠬᠠᠢ ᠬᠡᠢ᠂ ᠭᠠᠯ ᠤᠨᠲᠠᠷᠠᠭᠠᠬᠤ ᠵᠡᠷᠭᠡ ᠠᠵᠢᠯ ᠲᠦᠷᠦᠯ ᠤᠨ ᠬᠦᠷᠢᠶ᠎ᠡ ᠵᠢᠴᠢ ᠲᠤᠮᠤ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠬᠥᠮᠦᠨ ᠤᠯᠠᠨ ᠴᠤᠭᠯᠠᠷᠠᠬᠤ ᠲᠠᠯᠠᠪᠤᠷ ᠤᠨ ᠠᠮᠤᠷ ᠲᠦᠪᠰᠢᠨ ᠤ ᠭᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠵᠠᠰᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ ᠬᠥᠭᠵᠢᠯᠲᠡ ᠭᠡᠬᠦ ᠡᠨᠡᠬᠦ ︽ᠲᠡᠷᠢᠭᠦᠨ ᠴᠢᠬᠤᠯᠠ ᠡᠭᠦᠷᠭᠡ︾ ᠪᠣᠯᠤᠨ ᠠᠮᠤᠷ ᠲᠦᠪᠰᠢᠨ ᠭᠡᠬᠦ ᠡᠨᠡᠬᠦ ︽ᠲᠡᠷᠢᠭᠦᠨ ᠴᠢᠬᠤᠯᠠ ᠶᠡᠭᠡ ᠶᠠᠪᠤᠳᠠᠯ︾ ᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号