1 — 9  ᠳ᠋ᠦ᠋ᠭᠡᠷ ᠰᠠᠷ᠎ᠠ ᠳᠤ ᠬᠢᠩᠭᠠᠨ ᠠᠶᠢᠮᠠᠭ ᠤᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/10/27
    ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠠᠶᠢᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠢᠯ ᠤᠨ ᠡᠬᠢᠨ ᠠᠴᠠ ᠨᠠᠰᠢ᠂ ᠡᠯ ᠭᠤᠸᠠᠩ ᠦᠨᠳᠦᠷ ᠬᠤᠷᠳᠤᠴᠠᠳᠤ ᠵᠠᠰᠠᠮᠠᠯ ᠵᠠᠮ᠂ G1015 ᠦᠨᠳᠦᠷ ᠬᠤᠷᠳᠤᠴᠠᠳᠤ ᠵᠠᠰᠠᠮᠠᠯ ᠵᠠᠮ᠂ ᠵᠥᠩ ᠭᠤᠸᠠᠩ ᠾᠧ᠂ ᠬᠤᠸᠠ ᠨᠧᠩ ᠲᠦᠴᠢᠦᠸᠠᠨ ᠤ ᠰᠠᠯᠬᠢᠨ ᠬᠦᠴᠦᠨ ᠤ ᠴᠠᠬᠢᠯᠭᠠᠨ ᠵᠡᠷᠭᠡ ᠠᠯᠢ ᠣᠯᠠᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠡᠮᠬᠢ ᠵᠢᠷᠤᠮ ᠲᠠᠢ ᠠᠭᠢᠬᠤ ᠶᠢ ᠳᠠᠭᠠᠯᠳᠤᠨ᠂ ᠪᠥᠬᠦ ᠠᠶᠢᠮᠠᠭ ᠤᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠦ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠤ ᠦᠵᠡᠭᠦᠯᠬᠦ ᠲᠤᠯᠭᠠᠭᠤᠷᠢᠯᠠᠬᠤ  ᠦᠢᠯᠡᠳᠦᠯ ᠢᠯᠡᠳᠲᠡ ᠪᠣᠯᠤᠭᠰᠠᠨ ᠪᠠᠶᠢᠨ᠎ᠠ᠃    1 — 9  ᠳ᠋ᠦ᠋ᠭᠡᠷ ᠰᠠᠷ᠎ᠠ ᠳᠤ᠂ ᠪᠥᠬᠦ ᠠᠶᠢᠮᠠᠭ ᠤᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 58.0% ᠪᠠᠶᠢᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 3.1 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦᠨ ᠤ ᠢᠯᠴᠢ ᠶᠢᠨ ᠬᠦᠴᠦᠨ ᠤ ᠰᠢᠲᠠᠮᠠᠬᠠᠶ ᠬᠡᠶ ᠵᠢᠴᠢ ᠤᠰᠤᠨ ᠴᠠᠬᠢᠯᠭᠠᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ  ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 12.6 ᠵᠠᠭᠤᠨ ᠤ ᠨᠢᠭᠡᠴᠢ ᠨᠡᠮᠡᠭᠳᠡᠭᠦᠯᠪᠡ︔ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ  ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 2.7 ᠵᠠᠭᠤᠨ ᠤ ᠨᠢᠭᠡᠴᠢ ᠳᠠᠶᠢᠴᠢᠯᠠᠪᠠ᠃    
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号