11 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠰᠦᠬᠡ ᠤᠯᠠᠭᠠᠨᠬᠤᠲᠠ ᠶᠢᠨ ᠢᠯᠴᠢ ᠬᠠᠩᠭᠠᠬᠤ ᠠᠵᠤ ᠠᠬᠤᠶᠢᠯᠠᠯ᠂ ᠰᠠᠭᠤᠭᠠᠯᠢ ᠠᠷᠠᠳ ᠤᠨ | ᠲᠣᠭᠤᠷᠢᠭ ᠲᠤ ᠭᠦᠨᠵᠡᠭᠡᠶᠢᠷᠡᠵᠦ᠂ ᠬᠤᠲᠠ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠪᠠ᠃ | ᠰᠦᠬᠡ ᠮᠧᠩ ᠨᠧᠩ ᠢᠯᠴᠢ ᠴᠠᠬᠢᠯᠭᠠᠨ ᠤ ᠺᠣᠮᠫᠠᠨᠢ᠂ ᠬᠤᠸᠠ ᠨᠧᠩ ᠬᠢᠩᠭᠠᠨ ᠢᠯᠴᠢ ᠴᠠᠬᠢᠯᠭᠠᠨ ᠤ ᠺᠣᠮᠫᠠᠨᠢ | ᠪᠣᠯᠤᠨ ᠲᠦᠩ ᠽᠧ ᠢᠯᠴᠢ ᠶᠢᠨ ᠬᠦᠴᠦᠨ ᠤ ᠺᠣᠮᠫᠠᠨᠢ ᠳᠤ ᠬᠦᠷᠴᠤ᠂ ᠠᠵᠤ ᠠᠬᠤᠶᠢᠯᠠᠯ ᠤᠨ ᠢᠯᠴᠢ | ᠬᠠᠩᠭᠠᠬᠤ ᠴᠢᠳᠠᠪᠤᠷᠢ᠂ ᠲᠦᠯᠡᠰᠢ ᠨᠥᠭᠡᠴᠡᠯᠡᠬᠦ ᠵᠢᠴᠢ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠶᠢᠷ᠎ᠠ ᠶᠢᠨ | ᠬᠤᠭᠤᠴᠠᠭᠠᠨ ᠳᠤ ᠮᠠᠨ ᠤ ᠠᠶᠢᠮᠠᠭ ᠤᠨ ᠠᠭᠠᠷ ᠤᠨ ᠳᠤᠯᠠᠭᠠᠨ ᠮᠠᠰᠢ ᠶᠡᠭᠡ ᠪᠠᠭᠤᠷᠠᠵᠤ᠂ ᠲᠦᠭ ᠲᠦᠮᠡᠨ ᠠᠶᠢᠯ | ᠡᠷᠦᠬᠡ ᠶᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠣᠯ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ | ᠠᠷᠠᠳ ᠤᠨ ᠠᠮᠢᠳᠤᠷᠠᠯ ᠤᠨ ᠶᠠᠪᠤᠳᠠᠯ᠂ ᠵᠠᠩᠭᠢᠯᠠᠭ᠎ᠠ ᠶᠢᠨ ᠶᠠᠪᠤᠳᠠᠯ᠂ ᠴᠢᠬᠤᠯᠠ ᠶᠠᠪᠤᠳᠠᠯ ᠪᠣᠯᠤᠨ᠎ᠠ᠃ ᠡᠯ᠎ᠡ ᠭᠠᠵᠠᠷ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠭᠤᠭᠠᠯᠢ ᠠᠷᠠᠳ ᠤᠨ ᠳᠤᠯᠠᠭᠠᠯᠠᠭ᠎ᠠ ᠬᠠᠩᠭᠠᠬᠤ ᠳᠤ | ᠦᠢᠯᠡᠴᠢᠯᠡᠬᠦ ᠶᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠷᠠᠳ ᠤᠨ ᠲᠥᠯᠥᠭᠡ ᠪᠣᠳᠠᠲᠠᠢ | ᠶᠠᠪᠤᠳᠠᠯ ᠬᠢᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨ ᠬᠦ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠵᠣᠷᠢᠯᠲᠠ | ᠪᠠ ᠲᠤᠰᠤᠯᠲᠠ ᠪᠣᠯᠭᠠᠵᠤ᠂ ᠣᠷᠣᠰᠢᠵᠤ ᠪᠠᠶᠢᠭ᠎ᠠ ᠵᠥᠷᠢᠴᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠩ | ᠶᠡᠭᠡ ᠴᠢᠷᠮᠠᠶᠢᠯᠭ᠎ᠠ ᠪᠠ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ | ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠦᠬᠡ ᠴᠢᠬᠤᠯᠠᠴᠢᠯᠠᠭᠰᠠᠨ ᠨᠢ᠂ ᠢᠯᠴᠢ ᠬᠠᠩᠭᠠᠬᠤ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠪᠠᠨ ᠡᠷᠡᠰ | ᠡᠭᠦᠷᠭᠡᠯᠡᠵᠦ᠂ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠲᠤᠬᠢᠷᠠᠭᠤᠯᠤᠨ | ᠡᠵᠡᠮᠳᠡᠬᠦ ᠶᠢ ᠴᠢᠩᠭᠠᠳᠬᠠᠵᠤ᠂ ᠬᠤᠭᠤᠯᠠᠢ ᠲᠣᠣᠷ ᠢ ᠬᠠᠮᠠᠭᠠᠯᠠᠬᠤ᠂ ᠲᠥᠬᠦᠭᠡᠷᠦᠮᠵᠢ ᠪᠠᠶᠢᠴᠠᠭᠠᠨ ᠵᠠᠰᠠᠬᠤ ᠵᠡᠷᠭᠡ | ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠢᠯᠴᠢ ᠶᠢᠨ ᠬᠦᠴᠦᠨ ᠤ ᠬᠠᠩᠭᠠᠯᠭ᠎ᠠ ᠶᠢᠨ ᠦᠢᠯᠡᠳᠦᠯ ᠴᠢᠳᠠᠪᠤᠷᠢ | ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ | ᠴᠢᠩᠭ᠎ᠠ ᠰᠡᠷᠭᠡᠶᠢᠯᠡᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ | ᠪᠠᠲᠤᠯᠠᠬᠤ ᠬᠡᠷᠡᠭᠲᠡᠢ ᠭᠡᠪᠡ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠬᠡ ᠰᠠᠭᠤᠭᠠᠯᠢ ᠠᠷᠠᠳ ᠤᠨ ᠭᠡᠷ ᠲᠤ ᠬᠦᠷᠴᠦ᠂ ᠭᠡᠷ ᠤᠨ | ᠬᠠᠯᠠᠭᠤᠨ ᠳᠤᠯᠠᠭᠠᠨ ᠢ ᠮᠡᠳᠡᠷᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠯᠠᠪᠯᠠᠨ ᠠᠰᠠᠭᠤᠵᠤ᠂ ᠬᠤᠯᠪᠣᠭᠳᠠᠯ | ᠪᠦᠬᠦᠢ ᠲᠠᠯ᠎ᠠ ᠶᠢᠨ ᠬᠢᠨ ᠤᠯᠠᠨ ᠲᠦᠮᠡᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ | ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠤᠢᠢᠯᠠᠭᠠᠨ ᠰᠢᠢᠳᠪᠦᠷᠢᠯᠡᠵᠦ᠂ ᠤᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠣᠳᠠᠲᠠᠢ ᠪᠥᠭᠡᠳ ᠨᠠᠷᠢᠯᠢᠭ ᠬᠢᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ | ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠠᠬᠢᠪᠠ᠃ | | |