ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ  ᠯᠢ ᠴᠢᠶᠠᠩ    ᠸᠠᠩ ᠬᠤ᠋ ᠨᠢᠩ  ᠼᠠᠢ ᠴᠢ ᠣᠷᠣᠯᠴᠠᠪᠠ
ᠨᠡᠶᠢᠲᠡᠯᠡᠭᠰᠡᠨ ᠴᠠᠭ᠄
2023/11/9
    ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 7 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 11 ᠰᠠᠷ᠎ᠠ ᠶᠢᠨ 7 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠰᠠᠨᠠᠯ︾᠂ ︽ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ︾᠂ ︽ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠂ ︽ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠢ ᠬᠢᠨᠠᠨ ᠵᠥᠪᠯᠡᠵᠦ ᠪᠠᠲᠤᠯᠠᠪᠠ᠃     ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠠᠷᠠᠯᠲᠠ ᠮᠥᠨ᠂ 2035 ᠣᠨ ᠪᠤᠯᠬᠤ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠣᠨᠢᠯᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠦᠨᠳᠦᠰᠦᠨ ᠰᠠᠶᠢᠵᠢᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠣᠯ ᠤᠯᠤᠰ ᠤᠨ ᠲᠥᠰᠥᠪ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠂ ᠴᠢᠳᠠᠮᠵᠢ ᠦᠢᠯᠡᠳᠦᠯ ᠢ ᠴᠢᠩᠭᠠᠳᠬᠠᠵᠤ᠂ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠪᠡᠯᠡ ᠮᠥᠩᠭᠦ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠶᠠᠨᠳᠠᠭᠠᠨ ᠭᠠᠭᠴᠠᠭᠠᠷ ᠡᠵᠡᠮᠰᠢᠬᠦ  ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠳᠦᠷᠢᠮ ᠤᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢ ᠡᠵᠡᠮᠳᠡᠬᠦ ᠬᠦᠴᠦᠨ ᠢ ᠴᠢᠩᠭᠠᠳᠬᠠᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠤᠯᠤᠰ ᠤᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠬᠡᠷᠡᠭᠲᠡᠢ᠃ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠩ ᠰᠠᠶᠢᠲᠤᠷ ᠦᠢᠯᠡᠴᠢᠯᠡᠬᠦ ᠪᠠ ᠲᠤᠯᠭᠠᠭᠤᠷᠢᠯᠠᠬᠤ ᠳᠤ ᠰᠠᠭᠤᠷᠢᠯᠠᠵᠤ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠳᠡᠰ ᠳᠠᠷᠠᠭᠠᠯᠠᠯ ᠪᠠᠷᠢᠮᠵᠢᠶ᠎ᠠ ᠶᠢ ᠵᠢᠷᠤᠮᠵᠢᠭᠤᠯᠵᠤ᠂ ᠪᠦᠭᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠮᠥᠨ ᠤ ᠴᠢᠳᠠᠪᠤᠷᠢ ᠶᠢ ᠭᠦᠢᠴᠡᠳ ᠪᠠᠳᠠᠷᠠᠭᠤᠯᠤᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ᠂ ᠰᠤᠷᠲᠠᠯ ᠴᠢᠬᠡᠴᠢ ᠣᠪᠣᠷ ᠲᠥᠪ ᠪᠦᠬᠦᠢ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠨᠢ ᠠᠮᠢ ᠠᠬᠤᠢ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠰᠢᠰᠲ᠋ᠧᠮ ᠳᠤ ᠰᠠᠭᠤᠷᠢᠯᠠᠬᠤ  ᠴᠢᠨᠠᠷᠲᠠᠢ ᠦᠢᠯᠡᠳᠦᠯ ᠲᠠᠢ ᠶᠤᠮ᠂ ᠦᠵᠦ ᠲᠥᠯᠥᠪᠯᠡᠭᠡ ᠶᠢ ᠴᠢᠩᠭᠠᠳᠬᠠᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠦᠯ ᠴᠢᠳᠠᠮᠵᠢ ᠶᠢ ᠪᠠᠲᠤᠯᠠᠬᠤ ᠪᠠ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠬᠠᠷᠠᠯᠲᠠ ᠪᠤᠯᠭᠠᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠪᠦᠰᠡ ᠬᠤᠪᠢᠶᠠᠭᠰᠠᠨ ᠵᠦᠷᠢᠶᠡᠴᠢᠯᠡᠭᠰᠡᠨ ᠨᠠᠷᠢᠯᠢᠭ ᠣᠨᠣᠴᠠᠲᠠᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠵᠠᠢ᠃     ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠨᠣᠯ ᠠᠴᠠ ᠦᠢᠯᠡᠳᠦᠯᠭᠡ ᠳᠤ ᠭᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠡᠷᠡᠭᠴᠡᠭᠡ᠂ ᠠᠷᠠᠳ ᠣᠯᠠᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠰᠢᠨ᠎ᠡ ᠬᠦᠰᠡᠯ ᠪᠠᠷᠠᠯᠠᠯ ᠢ ᠦᠨᠳᠦᠰᠦᠯᠡᠵᠦ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠤᠷᠢᠳ ᠢᠶᠠᠷ ᠰᠦᠪᠡᠭᠴᠢᠯᠡᠵᠦ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ᠂ ᠬᠡᠰᠡᠭ ᠲᠠᠯ᠎ᠠ ᠪᠠ ᠪᠦᠭᠦ ᠲᠠᠯ᠎ᠠ ᠶᠢ ᠵᠣᠬᠢᠴᠠᠭᠤᠯᠬᠤ᠂ ᠦᠩᠭᠡᠨ ᠲᠠᠯ᠎ᠠ ᠶᠢ ᠵᠠᠰᠠᠬᠤ ᠪᠠ ᠦᠨᠳᠦᠰᠦᠨ ᠠᠴᠠ ᠨᠢ ᠵᠠᠰᠠᠬᠤ ᠶᠢ ᠤᠶᠠᠯᠳᠤᠭᠤᠯᠬᠤ᠂ ᠣᠳᠣᠬᠠᠨ ᠤ ᠪᠠ ᠠᠯᠤᠰ ᠭᠡᠳᠦ ᠶᠢ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠣᠷᠣᠨ ᠬᠤᠪᠢᠶᠠᠨ ᠵᠠᠰᠠᠵᠤ᠂ ᠨᠠᠷᠢᠯᠢᠭᠵᠢᠭᠤᠯᠤᠨ ᠪᠦᠲᠦᠭᠡᠨ ᠪᠠᠶᠢᠭᠤᠯᠵᠤ᠂ ᠠᠯᠢ ᠤᠯᠠᠨ ᠪᠣᠳᠠᠲᠠᠢ ᠠᠵᠢᠯᠯᠠᠭ᠎ᠠ ᠪᠠᠷ ᠳᠠᠮᠵᠢᠭᠤᠯᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠠᠯᠬᠤᠮ ᠠᠯᠬᠤᠮ ᠢᠶᠠᠷ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠲᠥᠰᠥᠪ ᠤᠨ ᠠᠵᠢᠯ ᠨᠢ ᠨᠠᠮ ᠪᠣᠯᠣᠨ ᠤᠯᠤᠰ ᠤᠨ ᠬᠦᠰᠡᠯ ᠵᠣᠷᠢᠯᠲᠠ ᠶᠢ ᠢᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠪᠠᠶᠢᠭᠤᠯᠤᠮᠵᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠳᠤ ᠲᠣᠬᠢᠷᠠᠭᠤᠯᠤᠯᠲᠠ ᠬᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂  ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢ ᠤᠯᠤᠰ ᠤᠨ ᠠᠮᠤᠷ ᠲᠦᠪᠰᠢᠨ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠳᠤ ᠬᠤᠯᠪᠣᠭᠳᠠᠬᠤ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠲᠡᠶᠢᠰᠢ ᠲᠥᠪᠯᠡᠷᠡᠭᠦᠯᠬᠦ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠤᠯᠠᠨ ᠨᠡᠶᠢᠲᠡ ᠶᠢᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠦᠷᠢᠶ᠎ᠡ ᠴᠠᠷᠠᠭ᠎ᠠ ᠵᠡᠷᠭᠡ ᠳᠤ ᠲᠥᠪᠯᠡᠷᠡᠭᠦᠯᠬᠦ᠂ ᠪᠠᠷᠠᠯᠠᠯᠳᠤ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠠᠷᠪᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠪᠠ ᠵᠦᠢ ᠵᠣᠬᠢᠰᠲᠠᠢ ᠪᠠᠷ ᠬᠤᠪᠢᠶᠠᠷᠢᠯᠠᠬᠤ ᠶᠢ ᠴᠢᠩᠭᠠᠳᠬᠠᠵᠤ᠂ ᠲᠥᠰᠥᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠪᠠᠷ ᠲᠣᠭᠲᠠᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠱᠠᠯᠢᠨ ᠪᠦᠷᠢᠯᠭᠡᠵᠦ ᠰᠦᠢᠳᠬᠡᠬᠦ ᠵᠡᠷᠭᠡ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠲᠥᠰᠥᠪ ᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠵᠤ᠂ ᠲᠥᠰᠥᠪ ᠤᠨ ᠬᠦᠯᠢᠶᠡᠰᠦᠯᠡᠯ ᠢ ᠴᠢᠩᠭᠠᠳᠬᠠᠵᠤ᠂ ᠲᠥᠰᠥᠪ ᠢ ᠠᠮᠵᠢᠯᠲᠠ ᠪᠦᠲᠦᠮᠵᠢ ᠪᠠᠷ ᠬᠠᠮᠢᠶᠠᠷᠬᠤ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠴᠠᠭᠢᠯᠭᠠᠨ ᠬᠦᠴᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ᠂ ᠲᠡᠮᠦᠷ ᠵᠠᠮ ᠵᠡᠷᠭᠡ ᠠᠵᠢᠯ ᠲᠦᠷᠦᠯ ᠤᠨ ᠰᠦᠯᠵᠢᠶᠡᠨ ᠤ ᠭᠤᠭᠴᠤᠭ᠎ᠠ ᠨᠢ ᠠᠶᠠᠨᠳᠠᠭᠠᠨ ᠭᠠᠭᠴᠠᠭᠠᠷ ᠡᠵᠡᠮᠰᠢᠬᠦ ᠰᠢᠨᠵᠢ ᠴᠢᠨᠠᠷ ᠲᠠᠢ ᠪᠠᠶᠢᠵᠤ᠂ ᠮᠠᠨ ᠤ ᠤᠯᠤᠰ ᠤᠨ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ᠎ᠠ᠃ ᠬᠢᠨᠠᠨ ᠬᠠᠮᠢᠶᠠᠷᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠬᠡᠬᠦ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ᠂ ᠡᠵᠡᠩᠨᠡᠯᠲᠡ ᠶᠢᠨ ᠬᠡᠪᠴᠢᠶ᠎ᠡ ᠪᠠ ᠡᠵᠡᠩᠨᠡᠯᠲᠡ ᠶᠢᠨ ᠦᠢᠯᠡ ᠠᠵᠢᠯᠯᠠᠭ᠎ᠠ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠪᠠᠶᠢᠭ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠰᠦᠯᠵᠢᠶᠡᠨ ᠤ ᠭᠡᠯᠪᠡᠷᠢ ᠶᠢᠨ ᠰᠠᠭᠤᠷᠢ ᠲᠥᠬᠦᠭᠡᠷᠦᠮᠵᠢ ᠳᠠᠬᠢ ᠣᠷᠣᠭᠤᠯᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠭᠤᠣᠯᠯᠠᠬᠤ ᠰᠦᠯᠵᠢᠶᠡᠨ ᠤ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠭᠠᠭᠴᠠᠭᠠᠷ ᠡᠵᠡᠮᠰᠢᠬᠦ ᠴᠢᠨᠠᠷᠲᠠᠢ ᠲᠤᠬᠠᠶᠢᠯᠠᠭᠰᠠᠨ ᠠᠵᠢᠯ ᠪᠠ ᠥᠷᠢᠰᠦᠯᠳᠦᠬᠦ ᠴᠢᠨᠠᠷᠲᠠᠢ ᠲᠤᠬᠠᠶᠢᠯᠠᠭᠰᠠᠨ ᠠᠵᠢᠯ ᠢ ᠥᠷᠨᠢᠭᠦᠯᠬᠦ ᠬᠦᠷᠢᠶ᠎ᠡ ᠬᠡᠪᠴᠢᠶ᠎ᠡ ᠶᠢ ᠬᠢᠨᠠᠨ ᠬᠠᠮᠢᠶᠠᠷᠴᠤ᠂ ᠭᠠᠭᠴᠠᠭᠠᠷ ᠡᠵᠡᠮᠰᠢᠬᠦ ᠳᠠᠪᠠᠭᠤᠯᠢᠭ ᠢᠶᠠᠨ ᠠᠰᠢᠭᠯᠠᠨ ᠡᠬᠢᠨ ᠤ ᠪᠠ ᠡᠴᠦᠰ ᠤᠨ ᠬᠡᠯᠬᠢᠶ᠎ᠡ ᠶᠢᠨ ᠥᠷᠢᠰᠦᠯᠳᠦᠬᠦ ᠴᠢᠨᠠᠷᠲᠠᠢ ᠭᠤᠭᠴᠤᠭ᠎ᠠ ᠲᠡᠶᠢᠰᠢ ᠤᠷᠲᠤᠳᠬᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠲᠤᠰᠬᠠᠢ ᠮᠡᠷᠭᠡᠵᠢᠯᠲᠡᠨ ᠪᠣᠯ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠤᠶᠤᠨ ᠤ ᠡᠬᠢ ᠪᠠᠶᠠᠯᠢᠭ ᠮᠥᠨ᠂ ᠲᠤᠰᠬᠠᠢ ᠮᠡᠷᠭᠡᠵᠢᠯᠲᠡᠨ ᠤ ᠡᠩᠨᠡᠭᠡ ᠶᠢᠨ ᠤᠯᠤᠰ ᠲᠦᠷᠦ ᠶᠢᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠪᠣᠯᠣᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ ᠲᠤᠰᠬᠠᠢ ᠮᠡᠷᠭᠡᠵᠢᠯᠲᠡᠨ ᠢ ᠰᠢᠯᠢᠨ ᠰᠣᠩᠭᠤᠬᠤ ᠠᠴᠠ ᠠᠪᠤᠭᠠᠳ ᠬᠢᠨᠠᠨ ᠰᠢᠯᠭᠠᠵᠤ ᠬᠢᠨᠠᠯᠲᠠ ᠲᠠᠯᠪᠢᠬᠤ ᠬᠦᠷᠲᠡᠯᠡᠬᠢ ᠪᠦᠭᠦ ᠶᠠᠪᠤᠴᠠ᠂ ᠪᠦᠭᠦ ᠬᠡᠯᠬᠢᠶᠡᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠤᠨ ᠵᠢᠷᠤᠮᠵᠢᠯ ᠢ ᠬᠦᠷᠢᠶ᠎ᠡ ᠴᠠᠷᠠᠭ᠎ᠠ ᠬᠤᠪᠢᠶᠠᠨ ᠲᠦᠷᠦᠯ ᠢᠯᠭᠠᠯ ᠬᠤᠪᠢᠶᠠᠨ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠡᠷᠬᠡ ᠡᠭᠦᠷᠭᠡ ᠪᠣᠯᠣᠨ ᠬᠠᠷᠠᠭᠠᠯᠵᠠᠭᠰᠠᠨ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠵᠤ᠂ ᠡᠳᠡᠭᠡᠷ ᠲᠤᠰᠬᠠᠢ ᠮᠡᠷᠭᠡᠵᠢᠯᠲᠡᠨ ᠤ ᠨᠠᠮ ᠪᠣᠯᠣᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠢ  ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠳᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠬᠡᠷᠡᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠵᠣᠯᠭᠠᠭᠤᠯᠵᠤ᠂ ᠣᠷᠣᠨ ᠪᠦᠰᠡ ᠶᠢᠨ ᠴᠢᠨᠠᠷᠲᠠᠢ᠂ ᠰᠠᠪᠠ ᠭᠠᠵᠠᠷ ᠤᠨ ᠴᠢᠨᠠᠷᠲᠠᠢ  ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠲᠥᠰᠥᠯ ᠢ ᠲᠡᠭᠦᠯᠳᠡᠷᠵᠢᠭᠦᠯᠵᠦ᠂ ᠠᠰᠠᠭᠤᠳᠠᠯ ᠢ ᠢᠯᠭᠠᠨ ᠲᠠᠨᠢᠬᠤ ᠠᠴᠠ ᠰᠢᠢᠳᠪᠦᠷᠢᠯᠡᠬᠦ ᠲᠥᠰᠥᠯ ᠬᠦᠷᠲᠡᠯᠡᠬᠢ ᠣᠷᠣᠨ ᠬᠤᠪᠢᠶᠠᠨ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠪᠣᠳᠣᠯᠭ᠎ᠠ ᠶᠢ ᠲᠣᠭᠲᠠᠭᠠᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠵᠤ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠢ ᠠᠰᠢᠭᠯᠠᠵᠤ᠂ ᠤᠯᠤᠰ ᠪᠣᠯᠣᠨ ᠣᠷᠣᠨ ᠨᠤᠲᠤᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠦᠢᠯᠡᠴᠢᠯᠡᠵᠦ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号