ᠠᠶᠢᠮᠠᠭ ᠤᠨ ᠵᠠᠬᠢᠷᠭ᠎ᠠ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠲᠠᠢ ᠰᠠᠭᠤᠳᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2023/12/11

   12 ᠰᠠᠷ᠎ᠠ ᠶᠢᠨ 9 ᠤ ᠡᠳᠦᠷ᠂ ᠠᠶᠢᠮᠠᠭ ᠤᠨ ᠵᠠᠬᠢᠷᠭ᠎ᠠ ᠬᠤᠸᠠ ᠨᠧᠩ ᠥᠪᠥᠷ ᠮᠣᠩᠭᠤᠯ ᠤᠨ ᠵᠡᠭᠦᠨ

ᠬᠡᠰᠡᠭ ᠤᠨ ᠺᠣᠮᠫᠠᠨᠢ ᠲᠠᠢ ᠰᠠᠭᠤᠳᠠᠯ ᠤᠨ ᠬᠤᠷᠠᠯ ᠬᠢᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂

ᠠᠶᠢᠮᠠᠭ ᠤᠨ ᠳᠠᠷᠤᠭ᠎ᠠ ᠰᠦᠬᠡ ᠬᠤᠷᠠᠯ ᠡᠷᠭᠢᠯᠡᠪᠡ᠃

   ᠰᠦᠬᠡ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ

᠂ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠫᠧᠩ ᠪᠦᠯᠬᠦᠮ ᠲᠠᠭᠠᠭᠤᠯᠤᠨ ᠢᠷᠡᠭᠰᠡᠨ ᠢ ᠪᠠᠶᠠᠷᠯᠠᠨ ᠤᠭᠲᠤᠵᠤ

ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠬᠤᠸᠠ ᠨᠧᠩ ᠥᠪᠥᠷ ᠮᠣᠩᠭᠤᠯ ᠤᠨ

ᠵᠡᠭᠦᠨ ᠬᠡᠰᠡᠭ ᠤᠨ ᠺᠣᠮᠫᠠᠨᠢ ᠬᠢᠭᠡᠳ ᠬᠢᠩᠭᠠᠨ ᠠᠶᠢᠮᠠᠭ ᠤᠨ ᠬᠠᠮᠲᠤᠷᠠᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠰᠢᠨ᠎ᠡ

ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠨᠡᠭᠦᠷᠡᠰᠦᠨ ᠤ

ᠪᠠᠲᠤᠯᠠᠭ᠎ᠠ ᠪᠠ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ

ᠣᠯᠵᠠᠶ᠃ ᠬᠢᠩᠭᠠᠨ ᠠᠶᠢᠮᠠᠭ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠲᠠᠢ

ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠡᠨ ᠰᠡᠳᠬᠢᠯ ᠠᠴᠠ ᠪᠠᠨ ᠤᠨᠢᠨ ᠲᠡᠭᠡᠷ᠎ᠡ ᠨᠢ

ᠦᠢᠯᠡᠴᠢᠯᠡᠬᠦ ᠶᠢ ᠰᠠᠶᠢᠲᠤᠷ ᠬᠢᠵᠦ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ

ᠠᠰᠢᠭ ᠬᠦᠷᠳᠡᠬᠦ ᠶᠢ ᠠᠬᠢᠭᠤᠯᠤᠨ᠎ᠠ ᠭᠡᠵᠡᠢ᠃

   ᠵᠢᠶᠠᠩ ᠫᠧᠩ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠷᠳᠤ ᠬᠤᠭᠤᠴᠠᠭᠠᠨ ᠤ ᠲᠤᠷᠰᠢ ᠬᠤᠸᠠ

ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ

ᠢᠯᠡᠳᠬᠡᠪᠡ᠃ ᠲᠡᠷᠡ᠂ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠨᠡᠶᠢᠭᠡᠮ ᠤᠨ

ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠬᠡᠵᠦ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠡᠯᠡ

ᠣᠷᠣᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ

ᠠᠬᠢᠴᠠ ᠶᠢ ᠲᠦᠷᠭᠡᠳᠬᠡᠨ ᠠᠬᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ

ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠪᠡ᠃

   ᠠᠶᠢᠮᠠᠭ ᠤᠨ ᠤᠳᠤᠷᠢᠳᠤᠯᠭ᠎ᠠ ᠴᠢᠨ ᠬᠤᠸᠠ ᠵᠧᠨ᠂ ᠯᠢᠶᠠᠩ ᠶᠠᠨ ᠵᠢᠶᠦ᠋ᠨ ᠰᠠᠭᠤᠳᠠᠯ ᠤᠨ ᠬᠤᠷᠠᠯ ᠳᠤ

ᠣᠷᠣᠯᠴᠠᠪᠠ᠃

 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号