ᠠᠶᠢᠮᠠᠭ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
    12 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ᠂ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶ᠎ᠠ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ 2023 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠲᠠᠯᠠᠪᠠᠶ ᠳᠤ ᠰᠢᠯᠭᠠᠨ ᠦᠨᠡᠯᠡᠪᠡ᠃    ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠢ ᠡᠷᠭᠢᠯᠡᠵᠦ᠂ ︽ᠨᠢᠭᠡ ᠥᠭᠦᠯᠡᠨ ᠨᠢᠭᠡ ᠦᠨᠡᠯᠡᠬᠦ︾ ᠠᠷᠭ᠎ᠠ ᠮᠠᠶ᠋ᠢᠭ ᠢᠶᠠᠷ ᠨᠢᠭᠡᠳ ᠨᠢᠭᠡ ᠪᠠᠷ ᠦᠨᠡᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ ᠠᠶᠢᠮᠠᠭ ᠤᠨ ᠤᠳᠤᠷᠢᠳᠤᠯᠭ᠎ᠠ ᠯᠢ ᠭᠦᠸᠧ ᠬᠤᠩ᠂ ᠴᠧᠩ ᠭᠤᠸᠠᠩ ᠵᠢᠶᠦ᠋ᠨ᠂ ᠴᠧᠨ ᠵᠢᠩ ᠬᠤᠸᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠯᠲᠡ ᠬᠢᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠨᠢᠭᠡᠳᠦᠭᠡᠷ ᠭᠠᠵᠠᠷ ᠤᠨ ᠳᠡᠳ᠋ ᠳᠠᠷᠤᠭ᠎ᠠ ᠶᠠᠩ ᠴᠧᠩ ᠬᠤ᠋ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠪᠠ᠃    ᠬᠤᠷᠠᠯ ᠠᠴᠠ᠂ ᠨᠢᠭᠡ ᠵᠢᠯ ᠤᠨ ᠲᠤᠷᠰᠢ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ 2024 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠶᠢ ᠴᠥᠮ ᠨᠠᠮ ᠤᠨ ᠤᠳᠤᠷᠢᠳᠤᠯᠭ᠎ᠠ ᠶᠢ ᠪᠦᠲᠦᠮᠵᠢᠲᠡᠶ ᠪᠡᠶᠡᠯᠡᠭᠦᠯᠬᠦ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ ᠬᠤᠶᠠᠷ ᠶᠡᠭᠡ ᠶᠠᠪᠤᠳᠠᠯ ᠢ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃    ᠬᠤᠷᠠᠯ ᠠᠴᠠ᠂ ᠤᠯᠤᠰ ᠲᠦᠷᠦ ᠶᠢᠨ ᠪᠠᠶᠢᠭᠤᠯᠤᠯᠲᠠ ᠭᠡᠬᠦ ᠡᠨᠡ ᠬᠦ ᠦᠨᠳᠦᠰᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠯᠠᠭᠴᠢ ᠶᠢ ᠬᠠᠮᠠᠭᠠᠯᠠᠬᠤ ᠡᠷᠡᠰ ᠪᠠᠲᠤ ᠴᠢᠨᠠᠷ᠂ ᠤᠯᠤᠰ ᠲᠦᠷᠦ ᠶᠢᠨ ᠬᠢᠨᠠᠯᠲᠠ ᠶᠢᠨ ᠣᠨᠣᠪᠴᠢᠲᠤ ᠴᠢᠨᠠᠷ ᠪᠣᠯᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠥᠪ ᠴᠢᠩᠭ᠎ᠠ ᠴᠢᠨᠠᠷ ᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠬᠦ ᠬᠡᠷᠡᠭᠲᠡᠢ᠃ ᠤᠨᠤᠯ ᠢᠶᠠᠷ ᠵᠡᠪᠰᠡᠭᠯᠡᠬᠦ ᠡᠨᠡ ᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠤᠨᠤᠯ ᠤᠨ ᠰᠤᠷᠤᠯᠴᠠᠯᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠭᠡᠬᠦ ᠡᠨᠡ ᠬᠦ ᠰᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠭᠦᠨᠵᠡᠭᠡᠢ ᠠᠬᠢᠭᠤᠯᠵᠤ᠂ ᠨᠠᠮ ᠤᠨ ᠭᠡᠰᠢᠭᠦᠨ ᠤ ᠡᠩᠨᠡᠭᠡ ᠶᠢ ᠴᠢᠩᠭ᠎ᠠ ᠬᠠᠮᠢᠶᠠᠷᠴᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠵᠠᠰᠠᠯᠲᠠ ᠶᠢ ᠴᠢᠩᠭᠠᠳᠬᠠᠬᠤ᠂ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠬᠦ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠲᠦᠷᠢᠮ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠢᠯᠡ ᠲᠣᠳᠣ ᠲᠦᠷᠦᠭᠳᠡᠯ ᠲᠠᠢ ᠪᠦᠲᠦᠮᠵᠢᠲᠡᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠡᠨᠡᠬᠦ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号