ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠵᠢᠴᠢ ᠠᠶᠢᠮᠠᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠢᠴᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/26
     12 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠵᠢᠴᠢ ᠠᠶᠢᠮᠠᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠢᠴᠢ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠲᠥᠪ ᠤᠨ ᠴᠢᠬᠤᠯᠠ ᠬᠤᠷᠠᠯ ᠪᠠ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠲᠤᠭ᠎ᠠ ᠪᠦᠷᠢᠳᠬᠡᠯ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠶᠢ ᠰᠤᠳᠤᠯᠤᠨ ᠨᠠᠶᠢᠳᠠᠪᠤᠷᠢᠵᠢᠭᠤᠯᠵᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠵᠡᠷᠭᠡ ᠶᠠᠪᠤᠳᠠᠯ ᠢ ᠰᠤᠳᠤᠯᠤᠨ ᠪᠠᠶᠢᠷᠢᠯᠠᠭᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠂ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠣᠷᠣᠨ ᠪᠦᠰᠡ ᠶᠢᠨ ᠬᠠᠮᠲᠤᠷᠠᠯᠴᠠᠨ ᠬᠥᠭᠵᠢᠬᠦ ᠠᠵᠠ ᠲᠣᠬᠢᠶᠠᠯ ᠢ ᠴᠢᠩᠭ᠎ᠠ ᠠᠳᠬᠤᠵᠤ᠂ ᠡᠮᠦᠨᠡᠲᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳᠣᠲᠣᠭᠠᠳᠤ ᠭᠠᠳᠠᠭᠠᠳᠤ ᠨᠡᠬᠡᠬᠡᠯᠳᠡ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠮᠠᠨ ᠤ ᠠᠶᠢᠮᠠᠭ ᠤᠨ ᠪᠣᠳᠠᠲᠠᠢ ᠲᠠᠢ ᠤᠶᠠᠯᠳᠤᠭᠤᠯᠵᠤ᠂ ᠲᠦᠷᠦᠯ ᠵᠦᠢᠯ ᠤᠨ ᠨᠥᠭᠡᠴᠡ ᠪᠣᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠨᠠᠭᠰᠢᠳᠠ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠦᠪᠰᠢᠨ ᠪᠣᠯᠤᠨ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠶᠢᠨ ᠬᠢᠷᠢ ᠲᠦᠪᠰᠢᠨ ᠳᠤ ᠲᠠᠪᠰᠢᠨ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠢᠩᠭᠠᠨ ᠠᠶᠢᠮᠠᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠶᠠᠯᠠᠯᠠᠨ ᠵᠠᠰᠠᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ ᠶᠢ ᠡᠷᠡᠰ ᠰᠠᠶᠢᠲᠤᠷ ᠠᠳᠬᠤᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠬᠢᠨᠠᠨ ᠰᠢᠯᠭᠠᠯᠲᠠ ᠶᠢ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ︾ ᠵᠠᠷᠴᠢᠮ ᠢ ᠴᠢᠩᠭ᠎ᠠ ᠵᠢᠷᠤᠮᠯᠠᠨ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠪᠠ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠩᠭᠠᠨ ᠠᠶᠢᠮᠠᠭ ᠤᠨ ︽ᠬᠤᠣᠰ ᠨᠡᠭᠦᠷᠡᠰᠦᠲᠥ᠋ᠷᠥᠭᠴᠢ︾ ᠶᠢᠨ ᠡᠯ᠎ᠡ ᠵᠦᠢᠯ ᠤᠨ ᠠᠵᠢᠯ ᠳᠤ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠮᠠᠨ ᠤ ᠠᠶᠢᠮᠠᠭ ᠤᠨ ᠦᠷᠡᠵᠢᠯ᠂ ᠪᠤᠶᠢᠵᠢᠭᠤᠯᠤᠯᠲᠠ᠂ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠬᠠᠮᠢᠶ᠎ᠠ ᠪᠥᠬᠦᠶ ᠠᠵᠢᠯ ᠤᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠤᠳᠤᠯᠤᠨ ᠲᠣᠭᠲᠠᠭᠠᠵᠤ᠂ ᠡᠯ᠎ᠡ ᠵᠦᠢᠯ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠪᠥᠬᠦ ᠠᠶᠢᠮᠠᠭ ᠤᠨ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号