12 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠨᠠᠮ ᠤᠨ | ᠪᠠᠶᠢᠭᠤᠯᠤᠯᠲᠠ ᠶᠢᠨ ᠬᠠᠷᠢᠯᠴᠠᠬᠤ ᠴᠡᠭ ᠴᠠᠷᠠᠰᠤᠨ ᠭᠠᠴᠠᠭ᠎ᠠ ᠳᠤ ᠬᠦᠷᠴᠦ ᠭᠤᠤᠯ ᠰᠡᠳᠦᠪᠲᠦ ᠬᠥᠮᠦᠵᠢᠯ ᠤᠨ ᠲᠤᠬᠠᠶ | ᠪᠠᠶᠢᠴᠠᠭᠠᠨ ᠰᠤᠳᠤᠯᠤᠯᠲᠠ ᠬᠢᠵᠦ᠂ ︽ᠨᠠᠮ ᠤᠨ ᠠᠴᠢ ᠡᠨᠡᠷᠢᠯ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ | ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ | ᠵᠠᠩ ᠰᠢᠶᠤᠤ ᠪᠢᠩ ᠤᠷᠢᠳ ᠬᠤᠵᠢᠳ ᠴᠠᠷᠠᠰᠤᠨ ᠪᠠᠯᠭᠠᠰᠤᠨ ᠤ ᠹᠦ᠋ ᠷᠣᠣ ᠸᠠᠨ ᠪᠠᠭ᠎ᠠ ᠲᠣᠭᠤᠷᠢᠭ᠂ ᠴᠠᠷᠠᠰᠤᠨ | ᠪᠠᠭ᠎ᠠ ᠰᠤᠷᠭᠠᠭᠤᠯᠢ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠤᠴᠠᠵᠤ ᠨᠡᠭᠦᠯᠭᠡᠵᠦ | ᠲᠥᠪᠬᠢᠨᠡᠭᠦᠯᠬᠦ᠂ ᠴᠡᠪᠡᠷ ᠡᠨᠧᠷᠭᠢ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠬᠠᠩᠭᠠᠬᠤ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠳᠣᠪᠤᠶᠢᠯᠭᠠᠵᠤ᠂ ᠣᠯᠠᠨ | ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ | ᠰᠢᠢᠳᠪᠦᠷᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ ᠲᠠᠯ᠎ᠠ ᠪᠠᠷ ᠦᠷᠭᠦᠯᠵᠢᠯᠡᠨ | ᠪᠣᠳᠠᠲᠤ ᠦᠷ᠎ᠡ ᠪᠦᠲᠦᠮᠵᠢ ᠣᠯᠵᠤ᠂ ᠭᠤᠤᠯ ᠰᠡᠳᠦᠪᠲᠦ ᠬᠥᠮᠦᠵᠢᠯ ᠳᠤ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠮᠡᠳᠡᠷᠡᠭᠳᠡᠬᠦ ᠬᠡᠷᠡᠭᠲᠡᠶ ᠭᠡᠪᠡ᠃ | ᠵᠠᠩ ᠰᠢᠶᠤᠤ ᠪᠢᠩ ᠴᠠᠷᠠᠰᠤᠨ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ | ᠬᠦᠷᠴᠤ᠂ ᠴᠠᠷᠠᠰᠤᠨ ᠭᠠᠴᠠᠭᠠᠨ ᠤ ᠭᠤᠤᠯ ᠰᠡᠳᠦᠪᠲᠦ ᠬᠥᠮᠦᠵᠢᠯ ᠪᠠ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠵᠢᠴᠢ ᠦᠨᠳᠦᠰᠦᠨ ᠱᠠᠲᠤᠨ ᠤ ᠲᠥᠯᠥᠭᠡᠯᠡᠭᠴᠢᠳ ᠤᠨ | ᠰᠠᠨᠠᠯ ᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ | ᠤᠴᠢᠷ ᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ | ᠲᠡᠷᠡ᠂ ᠪᠥᠬᠦ ᠠᠶᠢᠮᠠᠭ ᠤᠨ ᠥᠷᠭᠡᠨ ᠣᠯᠠᠨ ᠺᠠᠳ᠋ᠷ ᠣᠯᠠᠨ ᠲᠦᠮᠡᠨ ︽ᠲᠠᠪᠤᠨ ᠦᠭᠡ︾ ᠶᠢᠨ ᠪᠣᠳᠠᠲᠤ ᠶᠠᠪᠤᠳᠠᠯ | ᠪᠠ ᠶᠣᠰᠣ ᠤᠴᠢᠷ ᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠠᠴᠢ ᠡᠨᠡᠷᠢᠯ ᠳᠤ ᠦᠨᠡᠨ ᠰᠡᠳᠬᠢᠯ ᠠᠴᠠ ᠪᠠᠨ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠳᠤ | ᠢᠳᠡᠪᠬᠢᠲᠡᠶ ᠣᠷᠣᠯᠴᠠᠬᠤ ᠬᠡᠷᠡᠭᠲᠡᠶ᠃ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ︽ᠲᠣᠰᠬᠤᠨ ᠲᠣᠰᠬᠤᠨ ᠳᠤ ᠢᠷᠡᠵᠦ ᠳᠡᠯᠭᠡᠨ ᠦᠵᠡᠭᠦᠯᠬᠦ - ᠬᠠᠭᠤᠴᠢᠨ ᠭᠡᠷᠡᠯ ᠵᠢᠷᠤᠭ | ᠡᠷᠢᠬᠦ᠂ ᠰᠢᠨ᠎ᠡ ᠬᠤᠪᠢᠷᠠᠯᠲᠠ ᠶᠢᠨ ᠲᠤᠬᠠᠢ ᠶᠠᠷᠢᠯᠴᠠᠬᠤ︾᠂ ︽ᠭᠠᠷ ᠭᠠᠷ ᠢᠶᠠᠨ ᠬᠤᠯᠪᠣᠯᠴᠠᠨ ᠠᠮᠢᠳᠤᠷᠠᠯ ᠢ | ᠬᠠᠮᠲᠤ ᠪᠠᠷ ᠶᠠᠷᠢᠯᠴᠠᠬᠤ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠦᠵᠡᠵᠦ | ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ | ᠢᠯᠡᠭᠦᠬᠡᠨ ᠶᠠᠷᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠴᠢ ᠶᠢ ᠲᠣᠳᠣᠷᠬᠠᠢ ᠣᠶᠢᠯᠠᠭᠠᠭᠤᠯᠬᠤ | ᠬᠡᠷᠡᠭᠲᠡᠢ᠃ ᠴᠠᠷᠠᠰᠤᠨ ᠭᠠᠴᠠᠭ᠎ᠠ ᠠᠮᠢ ᠠᠬᠤᠶ᠂ ᠣᠷᠣᠨ ᠪᠠᠶᠢᠷᠢ᠂ ᠡᠬᠢ ᠪᠠᠶᠠᠯᠢᠭ ᠵᠡᠷᠭᠡ ᠲᠠᠯ᠎ᠠ ᠶᠢᠨ | ᠳᠠᠪᠠᠭᠤᠯᠢᠭ ᠢᠶᠠᠨ ᠭᠦᠶ᠋ᠴᠡᠳ ᠪᠠᠳᠠᠷᠠᠭᠤᠯᠵᠤ᠂ ᠬᠥᠭᠵᠢᠯᠲᠡ ᠶᠢᠨ ᠴᠢᠭᠯᠡᠯ ᠪᠠ ᠪᠠᠶᠢᠷᠢ ᠲᠣᠭᠲᠠᠭᠠᠯᠲᠠ ᠪᠠᠨ ᠤᠯᠠᠮ | ᠨᠢᠭᠡ ᠠᠯᠬᠤᠮ ᠣᠨᠣᠪᠴᠢᠲᠠᠶ ᠣᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠬᠡᠷᠡᠭᠲᠡᠶ᠃ ︽ᠮᠢᠩᠭᠠᠨ ᠲᠦᠮᠡᠨ | ᠢᠨᠵᠧᠨᠧᠷᠢᠩ︾ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠲᠦᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ | ᠬᠦᠷᠢᠶ᠎ᠡ ᠬᠠᠰᠢᠶ᠎ᠠ ᠶᠢᠨ ᠠᠵᠤ ᠠᠬᠤᠶ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ | ᠡᠳ᠋ᠰᠢᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠨᠳᠦᠰᠦᠨ | ᠱᠠᠲᠤᠨ ᠤ ᠵᠠᠰᠠᠯᠲᠠ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠬᠥᠳᠡᠭᠡ ᠲᠣᠰᠬᠤᠨ ᠤ ᠰᠣᠶᠣᠯ ᠢ | ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠵᠤ᠂ ᠲᠣᠰᠬᠤᠨ ᠢ ᠴᠡᠴᠡᠷᠯᠢᠭ᠂ ᠨᠣᠭᠤᠭ᠎ᠠ ᠶᠢᠨ ᠬᠦᠷᠢᠶᠡᠯᠡᠩ᠂ ᠵᠢᠮᠢᠰ ᠤᠨ ᠬᠦᠷᠢᠶᠡᠯᠡᠩ᠂ ᠵᠤᠭᠠᠴᠠᠯ ᠤᠨ | ᠬᠦᠷᠢᠶᠡᠯᠡᠩ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ | ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃ | ᠰᠦᠨ ᠰᠢᠩ ᠢᠦᠢ᠂ ᠰᠦᠨ ᠱᠦ ᠲᠤᠤ ᠪᠠᠶᠢᠴᠠᠭᠠᠨ ᠰᠤᠳᠤᠯᠤᠯᠲᠠ ᠪᠠ ᠤᠬᠠᠭᠤᠯᠤᠨ ᠲᠠᠶᠢᠯᠪᠤᠷᠢᠯᠠᠬᠤ ᠳᠤ | ᠣᠷᠣᠯᠴᠠᠪᠠ᠃ | | | |