12 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ | ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠵᠢᠴᠢ ᠪᠦᠬᠦ ᠠᠶᠢᠮᠠᠭ ᠤᠨ ᠭᠤᠤᠯ ᠰᠡᠳᠦᠪᠲᠦ | ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠭᠤᠤᠯ ᠰᠡᠳᠦᠪᠲᠦ ᠬᠥᠮᠦᠵᠢᠯ ᠤᠨ | ᠭᠤᠤᠯᠳᠠᠯᠭ᠎ᠠ ᠲᠠᠢ ᠠᠵᠢᠯ ᠪᠣᠯᠤᠨ ︽ᠨᠠᠮ ᠤᠨ ᠠᠴᠢ ᠡᠨᠡᠷᠢᠯ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠲᠤᠬᠢᠷᠠᠭᠤᠯᠤᠨ | ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠲᠣᠭᠤᠷᠢᠨ ᠱᠠᠯᠠᠪᠳᠠᠭᠤᠯᠤᠨ | ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠠᠩ ᠳ᠋ᠢᠶᠠᠨ ᠱᠧᠩ ᠬᠤᠷᠠᠯ ᠳᠤ ᠣᠷᠣᠯᠴᠠᠭᠰᠠᠨ ᠪᠥᠭᠡᠳ ᠵᠢᠯᠣᠭᠤᠳᠬᠤ | ᠶᠠᠷᠢᠶ᠎ᠠ ᠲᠠᠯᠪᠢᠪᠠ᠃ ᠠᠶᠢᠮᠠᠭ ᠤᠨ ᠤᠳᠤᠷᠢᠳᠤᠯᠭ᠎ᠠ ᠰᠦᠬᠡ᠂ ᠰᠢᠤᠢ ᠵᠦᠸᠧ᠂ ᠯᠢᠦ ᠱᠦ ᠴᠧᠩ ᠤᠷᠤᠯᠴᠠᠪᠠ᠃ | ᠵᠠᠩ ᠰᠢᠶᠤᠤ ᠪᠢᠩ ᠬᠡᠯᠡᠭᠰᠡᠨ ᠨᠢ᠂ ᠭᠤᠤᠯ ᠰᠡᠳᠦᠪᠲᠦ ᠬᠥᠮᠦᠵᠢᠯ ᠪᠣᠯ ᠡᠨᠡ ᠵᠢᠯ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠴᠢᠬᠤᠯᠠ ᠶᠡᠭᠡ ᠡᠭᠦᠷᠭᠡ ᠪᠣᠯᠤᠨ᠎ᠠ᠂ ᠲᠥᠪ ᠤᠨ ᠨᠢᠭᠡᠳᠦᠭᠡᠷ ᠲᠣᠭᠤᠷᠢᠨ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠬᠢᠩᠭᠠᠨ ᠠᠶᠢᠮᠠᠭ ᠢ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠶ ᠭᠡᠵᠦ ᠱᠠᠭᠠᠷᠳᠠᠪᠠ᠃ ᠪᠥᠬᠦ | ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠣᠨᠣᠯ ᠤᠨ | ᠰᠤᠷᠤᠯᠴᠠᠯᠭ᠎ᠠ ᠶᠢ ᠭᠦᠨᠵᠡᠭᠡᠶ ᠥᠷᠨᠢᠭᠦᠯᠵᠦ᠂ ᠡᠴᠦᠰ ᠲᠤᠨᠢ ᠲᠤᠯᠲᠠᠯ᠎ᠠ ᠠᠳᠬᠤᠵᠤ ᠪᠠᠶᠢᠴᠠᠭᠠᠨ ᠰᠤᠳᠤᠯᠬᠤ ᠶᠢ | ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠶᠢᠴᠠᠭᠠᠨ ᠦᠵᠡᠵᠦ | ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠲᠦᠷᠢᠮ ᠲᠣᠭᠲᠠᠭᠠᠯ ᠲᠣᠭᠲᠠᠭᠠᠬᠤ ᠠᠵᠢᠯ ᠢ | ᠴᠠᠭ ᠲᠤᠬᠠᠶ ᠳᠤᠨᠢ ᠳ᠋ᠦᠩᠨᠡᠨ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ | ᠨᠠᠷᠢᠨ ᠨᠢᠮᠪᠠᠶ᠂ ᠯᠠᠪᠳᠠᠭᠤᠨ ᠪᠠᠲᠤᠲᠠᠶ᠂ ᠪᠣᠳᠠᠲᠠᠶ ᠪᠠᠷ ᠬᠢᠬᠦ ᠬᠡᠷᠡᠭᠲᠡᠶ ᠭᠡᠪᠡ᠃ ︽ᠨᠠᠮ ᠤᠨ ᠠᠴᠢ ᠡᠨᠡᠷᠢᠯ ᠳᠤ | ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠬᠦ ᠶᠢ ᠠᠬᠢᠭᠤᠯᠵᠤ᠂ ᠲᠤᠷᠰᠢᠯᠲᠠ ᠶᠢᠨ | ᠴᠡᠭ ᠤᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠡᠭᠦᠷᠭᠡ ᠪᠠᠨ ᠤᠯᠠᠮ ᠨᠢᠭᠡ ᠠᠯᠬᠤᠮ | ᠲᠣᠳᠣᠷᠬᠠᠶᠢᠯᠠᠵᠤ᠂ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠺᠠᠳ᠋ᠷ ᠣᠯᠠᠨ ᠲᠦᠮᠡᠨ ᠢ ᠬᠥᠮᠦᠵᠢᠭᠦᠯᠦᠨ | ᠵᠢᠯᠣᠭᠤᠳᠴᠤ ᠪᠠᠶᠢᠭᠠᠳ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠬᠦ | ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠰᠡᠷᠭᠡᠶᠢᠯᠡᠵᠦ᠂ | ᠪᠦᠬᠦ ᠨᠡᠶᠢᠭᠡᠮ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠵᠠᠩ ᠳ᠋ᠢᠶᠠᠨ ᠱᠧᠩ᠂ ᠬᠢᠩᠭᠠᠨ ᠠᠶᠢᠮᠠᠭ ᠥᠨᠳᠥᠷ ᠭᠠᠷᠤᠭ᠎ᠠ ᠠᠴᠠ ᠡᠬᠢᠯᠡᠬᠦ ᠶᠢ ᠪᠠᠷᠢᠮᠲᠠᠯᠠᠵᠤ᠂ ᠪᠣᠳᠠᠲᠠᠢ | ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠭᠤᠣᠯ ᠰᠡᠳᠦᠪᠲᠦ | ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠨᠤᠯ ᠤᠨ ᠰᠤᠷᠤᠯᠴᠠᠯᠭ᠎ᠠ ᠶᠢ | ᠦᠨᠡᠨ ᠪᠣᠳᠠᠲᠠᠢ ᠠᠳᠬᠤᠵᠤ᠂ ᠪᠠᠶᠢᠴᠠᠭᠠᠨ ᠰᠤᠳᠤᠯᠤᠯᠲᠠ ᠬᠢᠵᠦ᠂ ᠬᠥᠭᠵᠢᠯᠲᠡ ᠶᠢ ᠦᠨᠡᠨ ᠪᠣᠳᠠᠲᠠᠢ ᠠᠬᠢᠭᠤᠯᠵᠤ᠂ | ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃ ᠠᠶᠢᠮᠠᠭ ᠳᠠᠶᠠᠭᠠᠷ ᠢᠶᠠᠨ ᠰᠠᠶᠢᠨ ᠰᠤᠷᠲᠠᠯ ᠢ | ᠦᠷᠭᠦᠯᠵᠢᠯᠡᠨ ᠪᠠᠳᠠᠷᠠᠭᠤᠯᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢᠬᠢ ᠰᠠᠶᠢᠨ | ᠰᠠᠶᠢᠬᠠᠨ ᠪᠠᠶᠢᠳᠠᠯ ᠪᠣᠯᠤᠨ ᠣᠯᠤᠭᠰᠠᠨ ᠱᠠᠲᠤᠴᠢ ᠴᠢᠨᠠᠷᠲᠠᠶ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ | ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠤᠯᠠᠮ | ᠴᠢᠨᠠᠭᠰᠢᠳᠠ ᠭᠦᠨᠵᠡᠭᠡᠶᠢᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠬᠢᠶᠠᠨ | ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥᠯ ᠬᠤᠪᠢᠶᠠᠨ ᠵᠢᠯᠣᠭᠤᠳᠬᠤ ᠠᠵᠢᠯ ᠢ ᠰᠠᠶᠢᠲᠤᠷ ᠬᠢᠵᠦ᠂ | ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠪᠣᠳᠠᠲᠠᠶ ᠴᠢᠩᠭ᠎ᠠ ᠠᠳᠬᠤᠬᠤ ᠬᠡᠷᠡᠭᠲᠡᠶ ᠭᠡᠪᠡ᠃ ᠡᠯ᠎ᠡ | ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠠᠷᠢᠭᠤᠴᠠᠯᠭ᠎ᠠ ᠪᠠᠨ ᠤᠯᠠᠮ ᠨᠢᠭᠡ | ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠨ᠂ ᠱᠠᠲᠤ ᠱᠠᠲᠤ ᠪᠠᠷ | ᠳᠠᠷᠤᠯᠲᠠ ᠥᠭᠴᠦ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠡᠭᠡᠳᠦ ᠱᠠᠲᠤ ᠨᠢ | ᠳᠣᠤᠷᠠᠳᠤ ᠱᠠᠲᠤ ᠪᠠᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠬᠡᠯᠪᠡᠷᠢᠴᠢ ᠦᠵᠡᠯ | ᠪᠣᠯᠤᠨ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ ᠶᠢ ᠠᠪᠴᠤ᠂ | ᠭᠤᠤᠯ ᠰᠡᠳᠦᠪᠲᠦ ᠬᠥᠮᠦᠵᠢᠯ ᠤᠨ ᠬᠢᠩᠭᠠᠨ ᠠᠶᠢᠮᠠᠭ ᠲᠤ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠯᠡᠨ | ᠠᠬᠢᠭᠤᠯᠬᠤ ᠬᠡᠷᠡᠭᠲᠡᠶ᠃ | ᠬᠤᠷᠠᠯ ᠢ ᠸᠢᠳᠢᠣ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠬᠦᠷᠳᠡᠯ᠎ᠡ ᠬᠤᠷᠠᠯᠳᠤᠭᠤᠯᠪᠠ᠃ |