12 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ | ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠴᠢᠬᠤᠯᠠ | ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠵᠢᠴᠢ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠵᠤ᠂ ︽ᠶᠡᠭᠡ | ᠤᠯᠠᠭᠠᠨᠬᠤᠲᠠ ᠶᠢᠨ ᠭᠤᠤᠯ ᠬᠤᠲᠠ ᠲᠣᠭᠤᠷᠢᠭ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠶᠡᠷᠦᠩᠬᠡᠶ ᠲᠥᠰᠦᠯ ︵2023-2027 ᠣᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ | ᠵᠥᠪᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭ᠎ᠠ ᠶᠢᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ | ᠠᠶᠢᠮᠠᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠭᠡᠷᠡᠴᠢᠯᠡᠯᠲᠡ ᠶᠢᠨ ᠰᠢᠪᠲᠤᠯᠤᠯᠲᠠ ᠪᠠᠷ | ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠠᠶᠠᠨᠳᠠᠭᠠᠨ ᠭᠠᠭᠴᠠᠭᠠᠷ ᠡᠵᠡᠮᠰᠢᠬᠦ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ | ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠦᠲᠦᠮᠵᠢᠲᠡᠢ ᠠᠬᠢᠭᠤᠯᠬᠤ ᠬᠡᠷᠡᠭᠲᠡᠢ᠃ ᠲᠡᠤᠬᠡ ᠶᠢᠨ | ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠷᠥᠯ ᠵᠦᠢᠯ᠂ ᠪᠣᠳᠠᠰ ᠤᠨ ᠪᠤᠰᠤ | ᠰᠣᠶᠣᠯ ᠤᠨ ᠥᠪ ᠢ ᠲᠡᠮᠳᠡᠭᠯᠡᠬᠦ ᠢᠨᠵᠧᠨᠧᠷᠢᠩ ᠪᠠ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠢ ᠬᠡᠷᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠪᠥᠬᠦ | ᠠᠶᠢᠮᠠᠭ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠤ ᠰᠠᠯᠠᠭ᠎ᠠ | ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ ᠪᠣᠯᠤᠨ ᠶᠡᠭᠡ ᠲᠠᠯ᠎ᠠ ᠶᠢᠨ ᠤᠬᠠᠮᠰᠠᠷ ᠢᠶᠠᠨ ᠴᠢᠨᠠᠭᠰᠢᠳᠠ | ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠬᠤᠳᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠤᠭᠰᠠᠨ ᠲᠦᠪᠰᠢᠨ ᠢ ᠳᠡᠭᠡᠭᠰᠢᠯᠡᠭᠦᠯᠵᠦ᠂ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠭᠤᠣᠯ ᠬᠤᠳᠠ ᠶᠢᠨ ᠲᠣᠭᠤᠷᠢᠭ ᠤᠨ ᠨᠢᠭᠡ ᠴᠤᠬᠴᠠᠵᠢᠭᠤᠯᠤᠬᠰᠠᠨ ᠬᠥᠭᠵᠢᠯᠲᠡ ᠶᠢ ᠦᠷᠭᠦᠯᠵᠢᠯᠡᠨ ᠬᠦᠴᠦᠯᠡᠨ | ᠠᠬᠢᠭᠤᠯᠬᠤ ᠬᠡᠷᠡᠭᠲᠡᠢ ᠭᠡᠪᠡ᠃ |