ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠮ ᠬᠠᠷᠢᠯᠴᠠᠭᠠᠨ ᠤ ᠰᠦᠯᠵᠢᠶᠡᠨ ᠤ ᠰᠢᠰᠲ᠋ᠧᠮ ᠢᠶᠠᠨ ᠲᠡᠭᠦᠯᠳᠡᠷᠵᠢᠭᠦᠯᠵᠦ ᠠᠷᠠᠳ ᠢᠷᠭᠡᠳ ᠤᠨ ᠶᠠᠪᠤᠵᠤ ᠰᠠᠭᠤᠬᠤ ᠳᠤ ᠲᠦᠬᠦᠮ ᠦᠵᠡᠬᠦᠯᠪᠡ
ᠨᠡᠶᠢᠲᠡᠯᠡᠭᠰᠡᠨ ᠴᠠᠭ᠄
2023/2/1
     ᠣᠶᠢᠷ᠎ᠠ ᠶᠢᠨ ᠵᠢᠯ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠵᠦ᠂ ᠲᠠᠭᠠᠯᠠᠮᠵᠢᠲᠠᠢ᠂ ᠳᠥᠭᠦᠮ ᠳᠥᠲᠡ ᠵᠠᠮ ᠬᠠᠷᠢᠯᠴᠠᠭᠠᠨ ᠤ ᠰᠦᠯᠵᠢᠶᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠠᠷᠠᠳ ᠢᠷᠭᠡᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠪᠡ᠃ ︽ᠡᠨᠡ ᠵᠠᠮ ᠢ ᠵᠠᠰᠠᠵᠤ ᠳᠠᠭᠤᠰᠤᠭᠰᠠᠨ ᠠᠴᠠ ᠨᠠᠰᠢ᠂ ᠪᠢᠳᠡ ᠲᠡᠷᠭᠡ ᠵᠢᠯᠤᠭᠤᠳᠬᠤ ᠳᠠᠭᠠᠨ ᠴᠤ ᠲᠦᠢᠯ ᠤᠨ ᠲᠠᠭᠠᠯᠠᠮᠵᠢᠲᠠᠢ ᠪᠤᠯᠪᠠ︾ ᠭᠡᠵᠦ ᠲᠦᠷᠦᠯᠵᠢ ᠪᠠᠯᠭᠠᠰᠤᠨ ᠤ ᠮᠠᠯᠴᠢᠨ ᠲᠠᠷᠢᠶᠠᠴᠢᠨ ᠬᠠᠩ ᠶᠦᠩ ᠱᠧᠩ ᠬᠡᠯᠡᠵᠦ ᠪᠠᠶᠢᠯ᠎ᠠ᠂ ᠲᠡᠭᠦᠨ ᠤ ᠭᠡᠯᠡᠳᠡᠭ ᠡᠨᠡ ᠵᠠᠮ ᠪᠣᠯ ᠲᠦᠷᠦᠯᠵᠢ ᠪᠠᠯᠭᠠᠰᠤᠨ ᠤ ᠪᠠᠷᠠᠭᠤᠨ ᠴᠢᠯᠠᠭᠤᠨ ᠲᠠᠯᠠᠪᠠᠢ ᠠᠴᠠ ᠤᠯᠠᠭᠠᠨᠴᠢᠯᠠᠭᠤ ᠬᠦᠷᠬᠦ ᠱᠦᠢᠨᠢ ᠵᠠᠮ ᠤᠨ ᠬᠡᠰᠡᠭ ᠪᠣᠯᠣᠨ᠎ᠠ᠃ ᠡᠨᠡ ᠵᠠᠮ ᠤᠨ ᠬᠡᠰᠡᠭ ᠨᠢ ᠥᠩᠭᠡᠷᠡᠭᠰᠡᠨ ᠳᠤ ᠲᠣᠭᠤᠰᠣ ᠰᠢᠷᠣᠢ ᠪᠤᠲᠠᠷᠠᠭᠰᠠᠨ ᠬᠠᠶᠢᠷ ᠴᠢᠯᠠᠭᠤᠨ ᠵᠠᠮ ᠪᠠᠶᠢᠵᠠᠢ᠂ ᠲᠡᠷᠭᠡ ᠬᠥᠰᠬᠡ ᠶᠠᠪᠠᠭᠠᠨ ᠬᠥᠮᠥᠨ ᠡᠨᠡ ᠬᠡᠰᠡᠭ ᠵᠠᠮ ᠢᠶᠠᠷ ᠥᠩᠭᠡᠷᠡᠬᠦ ᠳᠤ᠂ ᠪᠥᠬᠦ ᠲᠡᠷᠭᠡᠨ ᠤ ᠪᠥᠬᠦ ᠪᠡᠶ᠎ᠡ ᠳᠤ ᠴᠥᠮ ᠨᠢᠭᠡ ᠳᠠᠪᠬᠤᠷ ᠵᠣᠪ ᠵᠤᠵᠠᠭᠠᠨ ᠲᠣᠭᠤᠰᠣ ᠰᠢᠷᠣᠢ ᠪᠠᠶᠢᠳᠠᠭ᠃ ᠣᠶᠢᠷ᠎ᠠ ᠳᠤ᠂ ᠰᠤᠷᠪᠤᠯᠵᠢᠯᠠᠭᠴᠢ ᠡᠨᠡ ᠬᠦ ᠵᠠᠮ ᠤᠨ ᠬᠡᠰᠡᠭ ᠲᠤ ᠣᠯᠵᠤ ᠦᠵᠡᠭᠰᠡᠨ ᠨᠢ᠂ ᠰᠢᠨ᠎ᠡ ᠵᠠᠰᠠᠮᠠᠯ ᠵᠠᠮ ᠦᠷᠭᠦᠯᠵᠢᠯᠡᠨ ᠦᠷᠭᠦᠯᠵᠢᠯᠡᠵᠦ᠂ ᠵᠠᠮ ᠤᠨ ᠨᠢᠭᠤᠷ ᠨᠢ ᠲᠡᠭᠰᠢ ᠰᠢᠯᠤᠭᠤᠨ᠂ ᠴᠡᠪᠡᠷ ᠲᠡᠭᠰᠢ ᠪᠠᠶᠢᠵᠤ᠂ ᠤᠤᠯ ᠨᠢ ᠡᠩᠬᠦᠯ ᠳᠤᠩᠬᠤᠯ ᠬᠠᠶᠢᠷ ᠴᠢᠯᠠᠭᠤᠨ ᠵᠠᠮ ᠲᠠᠢ ᠢᠯᠡ ᠲᠣᠳᠣ ᠬᠠᠷᠢᠴᠠᠭᠤᠯᠤᠯ ᠪᠣᠯᠵᠤ᠂ ᠰᠢᠨ᠎ᠡ ᠪᠠᠷ ᠵᠠᠰᠠᠭᠰᠠᠨ ᠵᠠᠮ ᠨᠢ ᠮᠠᠰᠢᠨ ᠲᠡᠷᠭᠡᠨ ᠤ ᠠᠶᠠᠯᠠᠯ ᠤᠨ ᠱᠤᠤᠭᠢᠶᠠᠨ ᠢ ᠪᠠᠭᠠᠰᠬᠠᠨ᠂ ᠲᠣᠭᠤᠰᠣ ᠳᠡᠭᠳᠡᠬᠦ ᠶᠢ ᠪᠠᠭᠠᠰᠬᠠᠬᠤ ᠪᠠᠷ ᠪᠠᠷᠠᠬᠤ ᠦᠭᠡᠢ᠂ ᠵᠠᠮ ᠳᠠᠭᠠᠤ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠴᠤ ᠲᠥᠬᠦᠮ ᠦᠵᠡᠭᠦᠯᠦᠭᠰᠡᠨ ᠪᠠᠶᠢᠨ᠎ᠠ᠃ ︽ᠥᠩᠭᠡᠷᠡᠭᠰᠡᠨ ᠳᠤ ᠡᠨᠡ ᠵᠠᠮ ᠡᠩᠬᠦᠯ ᠳᠤᠩᠬᠤᠯ ᠪᠠᠶᠢᠭᠰᠠᠨ ᠪᠣᠯᠪᠠᠴᠤ ᠣᠲᠣ ᠯᠤᠲᠤ ᠶᠡᠭᠡ ᠬᠤᠪᠢᠷᠠᠯᠲᠠ ᠭᠠᠷᠴᠤ᠂ ᠶᠠᠪᠤᠵᠤ ᠰᠠᠭᠤᠬᠤ ᠳᠤ ᠮᠠᠰᠢ ᠤᠷᠤᠭᠰᠢᠲᠠᠢ ᠪᠣᠯᠵᠠᠢ᠂ ᠴᠠᠭᠠᠨ ᠰᠠᠷ᠎ᠠ ᠶᠢᠨ ᠬᠤᠭᠤᠴᠠᠭᠠᠨ ᠳᠤ ᠶᠠᠪᠤᠵᠤ ᠰᠠᠭᠤᠬᠤ ᠬᠥᠮᠥᠨ ᠣᠯᠠᠨ ᠪᠣᠯᠵᠠᠢ᠂ ᠡᠨᠡ ᠵᠠᠮ ᠢᠶᠠᠷ ᠶᠠᠪᠤᠬᠤ ᠳᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠪᠠᠶᠢᠨ᠎ᠠ᠂ ᠪᠢᠳᠡ ᠡᠨᠡ ᠵᠠᠮ ᠢᠶᠠᠷ ᠶᠠᠪᠤᠬᠤ ᠳᠤ ᠮᠠᠰᠢ ᠬᠠᠨᠤᠮᠵᠢᠲᠠᠶ ᠪᠠᠶᠢᠨ᠎ᠠ︾ ᠭᠡᠵᠡᠢ᠃ ᠭᠡᠵᠦ ᠲᠦᠷᠦᠯᠵᠢ ᠪᠠᠯᠭᠠᠰᠤ ᠶᠢᠨ ᠪᠠᠶᠠᠨᠬᠠᠷ᠎ᠠ ᠭᠠᠴᠠᠭ᠎ᠠ ᠶᠢᠨ ᠮᠠᠯᠴᠢᠨ ᠬᠠᠩ ᠶᠦᠩ ᠱᠧᠩ ᠬᠡᠯᠡᠪᠡ᠃ ᠪᠠ ᠺᠦᠨ ᠱᠤᠭᠤᠮ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠢᠲᠤ ᠬᠡᠰᠡᠭ ᠤᠨ ᠰᠤᠮᠤ ᠪᠠᠯᠭᠠᠰᠤ ᠶᠢ ᠬᠤᠯᠪᠣᠭᠰᠠᠨ ᠴᠢᠬᠤᠯᠠ ᠵᠠᠮ ᠬᠠᠷᠢᠯᠴᠠᠭᠠᠨ ᠤ ᠴᠢᠬᠤᠯᠠ ᠱᠤᠭᠤᠮ ᠮᠥᠨ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠪᠠ ᠺᠦᠨ ᠱᠤᠭᠤᠮ ᠳᠤ ︽ᠴᠠᠭᠠᠨ ᠠᠴᠠ ᠬᠠᠷ᠎ᠠ ᠱᠤᠭᠤᠮ ᠪᠣᠯᠭᠠᠨ ᠥᠭᠡᠷᠡᠴᠢᠯᠡᠬᠦ︾ ᠳᠦᠷᠢᠮ ᠢ ᠬᠡᠷᠡᠭᠵᠢᠭᠦᠯᠵᠦ᠂ ᠵᠠᠮ ᠤᠨ ᠭᠠᠳᠠᠷᠭᠤ ᠶᠢ ᠱᠦᠢᠨᠢ ᠵᠠᠮ ᠤᠨ ᠭᠠᠳᠠᠷᠭᠤ ᠠᠴᠠ ᠪᠠᠷᠤᠭᠰᠢᠨ ᠵᠠᠮ ᠤᠨ ᠭᠠᠳᠠᠷᠭᠤ ᠪᠣᠯᠭᠠᠨ ᠳᠡᠭᠡᠭᠰᠢᠯᠡᠭᠦᠯᠦᠭᠰᠡᠨ ᠤ ᠳᠠᠷᠠᠭ᠎ᠠ᠂ ᠪᠦᠬᠦ᠋ᠢᠯᠡ ᠵᠠᠮ ᠤᠨ ᠭᠠᠳᠠᠷᠭᠤ ᠶᠢ ᠴᠣ᠋ ᠰᠢᠨ᠎ᠡ ᠪᠣᠯᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠢᠨᠵᠧᠨᠧᠷᠢᠩ ᠢ 2022 ᠣᠨ ᠤ 10 ᠰᠠᠷ᠎ᠠ ᠳᠤ ᠪᠠᠶᠢᠭᠤᠯᠵᠤ ᠳᠠᠭᠤᠰᠬᠠᠭᠠᠳ᠂ ᠨᠡᠶᠢᠲᠡ 350 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ 11.8 ᠺᠢᠯᠣᠮᠧᠳ᠋ᠷ ᠵᠠᠰᠠᠵᠤ ᠳᠠᠭᠤᠰᠬᠠᠪᠠ᠃ ᠣᠳᠣᠬᠠᠨ ᠳᠤ᠂ ᠲᠣᠰ ᠵᠠᠮ ᠱᠤᠭᠤᠮ ᠨᠢ ᠵᠠᠮ ᠤᠨ ᠭᠠᠳᠠᠷᠭᠤ ᠶᠢ ᠠᠷᠠᠴᠢᠯᠠᠨ ᠬᠠᠮᠠᠭᠠᠯᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠴᠠᠭ ᠲᠤᠬᠠᠢ ᠳᠤᠨᠢ ᠮᠥᠷᠳᠡᠵᠦ ᠬᠥᠳᠡᠯᠦᠩᠭᠦᠢ ᠪᠠᠷ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠨᠢᠭᠡᠨᠲᠡ ᠪᠥᠬᠦ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠵᠠᠮ ᠳᠠᠭᠠᠤ ᠶᠢᠨ ᠰᠠᠭᠤᠭᠠᠯᠢ ᠠᠷᠠᠳ ᠤᠨ ᠵᠠᠮ ᠲᠡᠭᠡᠭᠡᠪᠦᠷᠢ ᠳᠤ ᠬᠦᠴᠦᠲᠡᠢ ᠪᠠᠲᠤᠯᠠᠭ᠎ᠠ ᠬᠠᠩᠭᠠᠵᠤ ᠪᠠᠶᠢᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ ᠶᠢᠨ ᠲᠥᠯᠦᠪᠵᠢᠭᠦᠯᠭᠡ ᠶᠢᠨ ᠬᠤᠪᠢ ᠨᠡᠶᠢᠯᠡᠭᠦᠯᠦᠭᠴᠢ ᠮᠣᠣ ᠶᠦᠨ ᠫᠧᠩ᠄ ︽ᠵᠠᠮ ᠬᠠᠷᠢᠯᠴᠠᠭᠠᠨ ᠤ ᠲᠣᠣᠷ ᠤᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠠᠮ ᠳᠠᠭᠠᠤ ᠶᠢᠨ ᠤᠯᠠᠨ ᠲᠦᠮᠡᠨ ᠳᠤ ᠠᠮᠤᠷ ᠲᠦᠪᠰᠢᠨ᠂ ᠲᠠᠭᠠᠯᠠᠮᠵᠢᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠵᠤ᠂ ᠲᠡᠳᠡᠨ ᠤ ᠶᠠᠪᠤᠵᠤ ᠰᠠᠭᠤᠬᠤ ᠳᠤ ᠨᠡᠩ ᠲᠦᠭᠦᠮ᠂ ᠲᠦᠷᠭᠡᠨ᠂ ᠲᠠᠭᠠᠯᠠᠮᠵᠢᠲᠠᠢ ᠪᠣᠯᠭᠠᠨ᠎ᠠ︾ ᠭᠡᠵᠦ ᠬᠡᠯᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号