ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
    1ᠰᠠᠷ᠎ᠠ ᠶᠢᠨ 31 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠪᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠶᠢᠨ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦᠳᠠ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠦᠷᠭᠦᠯᠵᠢᠯᠡᠨ ᠴᠢᠩᠭᠠᠳᠬᠠᠵᠤ᠂ ᠪᠣᠳᠠᠲᠠᠶᠢᠵᠢᠭᠤᠯᠬᠤ᠂ ᠤᠨᠢᠨ ᠳᠡᠭᠡᠷ᠎ᠡ ᠨᠢ ᠪᠠᠶᠢᠯᠭᠠᠬᠤ᠂ ᠪᠠᠶᠢᠩᠭᠤᠵᠢᠭᠤᠯᠬᠤ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠵᠣᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠪᠠ  ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠪᠣᠯᠤᠨ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠴᠢᠨᠠᠷᠲᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠬᠦ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠬᠢᠨ ᠰᠦᠨ ᠱᠤᠤ  ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠰᠤᠳᠤᠯᠤᠨ ᠤᠩᠰᠢᠬᠤ ᠬᠡᠷᠡᠭᠲᠡᠢ᠃ ᠠᠶᠢᠮᠠᠭ ᠤᠨ ᠱᠠᠲᠤᠨ ᠤ ᠤᠳᠤᠷᠢᠳᠤᠯᠭ᠎ᠠ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠪᠣᠳᠣᠯᠬᠢᠯᠠᠨ ᠰᠦᠪᠡᠭᠴᠢᠯᠡᠵᠦ᠂ ᠳᠤᠮᠳᠠ ᠠᠴᠠ ᠨᠢ ᠰᠡᠳᠬᠢᠴᠡ᠂ ᠠᠷᠭ᠎ᠠ᠂ ᠲᠥᠷᠥ ᠶᠢᠨ ᠪᠣᠳᠣᠯᠭ᠎ᠠ᠂ ᠠᠵᠠ ᠲᠣᠬᠢᠶᠠᠯ ᠢ ᠡᠷᠢᠬᠦ ᠬᠡᠷᠡᠭᠲᠡᠶ᠃ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠠᠷᠢᠨ ᠲᠠᠩᠰᠠ ᠵᠢᠭᠰᠠᠭᠠᠵᠤ᠂ ᠵᠤᠷᠪᠤᠰ ᠳᠠᠷᠠᠭᠠᠯᠠᠨ ᠴᠢᠩᠭ᠎ᠠ ᠠᠳᠬᠤᠵᠤ ᠪᠣᠳᠠᠲᠠᠶ ᠠᠳᠬᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ  ᠡᠷᠴᠢ ᠵᠣᠷᠢᠭ ᠢᠶᠠᠷ ᠰᠢᠨ᠎ᠡ ᠨᠢᠭᠡ ᠵᠢᠯ ᠤᠨ ᠠᠵᠢᠯ ᠳᠠᠭᠠᠨ ᠰᠢᠮᠳᠠᠨ ᠣᠷᠣᠯᠴᠠᠵᠤ᠂ ᠬᠥᠳᠡᠯᠦᠯᠴᠡᠨ᠂ ᠲᠦᠷᠭᠡᠨ ᠬᠥᠳᠡᠯᠦᠯᠴᠡᠵᠦ᠂ ᠱᠠᠯᠠᠮᠠᠭᠠᠶᠢᠯᠠᠨ ᠭᠦᠶᠦᠵᠦ᠂ ᠴᠠᠭ ᠮᠥᠴᠡ ᠶᠢ ᠠᠯᠳᠠᠯ ᠥᠬᠡᠶ ᠠᠵᠢᠯᠯᠠᠵᠤ᠂ ᠨᠢᠭᠡᠳᠦᠭᠡᠷ ᠤᠯᠠᠷᠢᠯ ᠳᠤ ︽ ᠰᠠᠶᠢᠨ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠶ︾ ᠭᠡᠵᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号