ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2023/2/1
   1 ᠰᠠᠷ᠎ᠠ ᠶᠢᠨ 31 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠭᠦᠨᠵᠡᠭᠡᠶ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ ᠡᠮᠦᠨ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠨᠠᠷᠢᠨ ᠬᠢᠨᠠᠮᠠᠭᠠᠶ ᠪᠠᠷ ᠥᠪᠡᠷ ᠢᠶᠠᠨ ᠰᠤᠷᠤᠯᠴᠠᠪᠠ᠃ ᠬᠤᠷᠠᠯ ᠳᠡᠭᠡᠷ᠎ᠡ᠂ ᠰᠦᠬᠡ᠂ ᠯᠢ ᠬᠤᠩ ᠼᠠᠢ᠂ ᠵᠠᠩ ᠯᠢ ᠬᠤᠸᠠ᠂ ᠯᠢ ᠭᠦᠸᠧ ᠬᠤᠩ᠂ ᠳ᠋ᠦᠩ ᠰᠢᠨ ᠶᠤᠸᠠᠢ᠂ ᠴᠢᠨ ᠬᠤᠸᠠ ᠵᠧᠨ ᠨᠡᠷ ᠤᠷᠢᠳ ᠬᠤᠵᠢᠳ ᠶᠠᠷᠢᠶ᠎ᠠ ᠲᠠᠯᠪᠢᠪᠠ᠃    ᠬᠤᠷᠠᠯ ᠠᠴᠠ ᠴᠢᠩᠭᠠᠳᠬᠠᠭᠰᠠᠨ ᠨᠢ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ᠂ ᠲᠡᠭᠦᠨ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠳᠤ ᠨᠡᠩ ᠰᠠᠶᠢᠨ ᠬᠡᠷᠡᠭᠯᠡᠬᠦ ᠬᠡᠷᠡᠭᠲᠡᠢ᠃  ᠶᠡᠷᠦᠩᠬᠡᠶ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠨᠢᠭᠡ ᠪᠦᠯᠦᠭ ᠬᠥᠲᠥᠯᠦᠨ ᠳᠠᠭᠠᠭᠤᠯᠬᠤ ᠴᠢᠨᠠᠷᠲᠠᠶ᠂ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠴᠢᠷᠮᠠᠶᠢᠨ ᠤᠯᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠠᠶᠢᠮᠠᠭ ᠤᠨ ᠲᠡᠰ ᠤᠨ ᠤᠳᠤᠷᠢᠳᠤᠯᠭ᠎ᠠ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠨᠢᠭᠲᠠ ᠤᠶᠠᠯᠳᠤᠭᠤᠯᠤᠨ ᠠᠵᠢᠯ ᠢᠶᠠᠨ ᠥᠷᠨᠢᠭᠦᠯᠵᠦ᠂ ᠺᠠᠳ᠋ᠷ ᠤᠨ ᠢᠳᠡᠪᠬᠢᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠵᠦ᠂ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠡᠳᠬᠢᠯ ᠤᠨ ᠦᠭᠡ ᠪᠠᠨ ᠭᠦᠨᠵᠡᠭᠡᠢ ᠶᠠᠷᠢᠯᠴᠠᠵᠤ᠂ ᠠᠵᠢᠯ᠂ ᠦᠵᠡᠯ ᠰᠠᠨᠠᠭ᠎ᠠ᠂ ᠰᠤᠷᠲᠠᠯ ᠢᠶᠠᠨ ᠪᠦᠬᠦ ᠲᠠᠯ᠎ᠠ ᠪᠠᠷ ᠪᠦᠷᠢᠳᠬᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠨᠬᠦ ᠰᠠᠶᠢᠲᠤᠷ ᠬᠢᠬᠦ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号