ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
    1 ᠰᠠᠷ᠎ᠠ ᠶᠢᠨ 30 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠤᠨ ᠬᠤᠶᠠᠳᠤᠭᠠᠷ ᠤᠳᠠᠭᠠᠨ ᠤ ᠰᠤᠷᠤᠯᠴᠠᠬᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠪᠥᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠴᠢᠩᠭᠠᠳᠬᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠡᠭᠡᠷᠡᠬᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠤᠨ ᠪᠦᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶ᠎ᠠ ᠨᠢ ᠪᠦᠬᠦ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠠᠢ᠃ ᠪᠥᠬᠦ ᠠᠶᠢᠮᠠᠭ ᠤᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠭᠦᠷᠭᠡ ᠲᠤᠰᠢᠶᠠᠯ ᠢᠶᠠᠨ  ᠭᠦᠢᠴᠡᠳᠭᠡᠬᠦ ᠠᠵᠢᠯ ᠤᠨ ᠪᠥᠬᠦ ᠶᠠᠪᠤᠴᠠ ᠳᠤ ᠲᠤᠤᠱᠯᠠᠭᠤᠯᠤᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠬᠤᠷᠠᠯ ᠤᠨ ᠴᠢᠨᠠᠷ ᠴᠢᠨᠰᠠᠭ᠎ᠠ᠂ ᠬᠤᠷᠠᠯ ᠤᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠤᠷᠲᠠᠯ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠪᠥᠬᠦ ᠠᠶᠢᠮᠠᠭ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠤᠯᠪᠣᠭᠠᠯᠠᠬᠤ ᠶᠢ ᠳᠠᠭᠠᠭᠠᠴᠢᠯᠠᠬᠤ ᠵᠡᠷᠭᠡ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号