2 ᠰᠠᠷ᠎ᠠ ᠶᠢᠨ 1 ᠤ ᠡᠳᠦᠷ ᠬᠡᠪᠯᠡᠭᠳᠡᠭᠰᠡᠨ 3 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ | ᠨᠠᠮ ᠤᠨ ᠥᠪᠡᠷ ᠪᠡᠶ᠎ᠡ ᠶᠢᠨ ᠬᠤᠪᠢᠰᠬᠠᠯ ᠳᠤ ᠲᠦᠰᠢᠭᠯᠡᠨ ᠲᠡᠦᠬᠡ ᠶᠢᠨ ᠦᠶᠡᠯᠡᠯ ᠤᠨ ᠵᠢᠮ᠎ᠡ ᠶᠢ ᠳᠠᠪᠠᠭᠰᠠᠨ | ᠠᠮᠵᠢᠯᠲᠠ ᠲᠠᠢ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠬᠤ ᠬᠡᠷᠡᠭᠲᠡᠢ︾ ᠶᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠳᠤ ᠣᠷᠣᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠰᠥᠰᠥ ᠵᠣᠷᠢᠭ ᠪᠣᠯᠣᠨ ᠲᠣᠭᠲᠠᠯ | ᠬᠦᠴᠦᠨ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ | ᠠᠬᠢᠭᠤᠯᠵᠤ᠂ ᠤᠯᠠᠨ ᠵᠢᠯ ᠤᠨ ᠲᠤᠷᠰᠢ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ | ᠬᠤᠷᠢᠭᠯᠠᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠠᠷᠬᠠᠭ ᠭᠡᠮ ᠢ | ᠰᠢᠢᠳᠪᠦᠷᠢᠯᠡᠵᠦ᠂ ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭᠰᠠᠨ ᠬᠦᠨᠳᠦ | ᠨᠣᠴᠢᠲᠠᠢ ᠭᠡᠮ ᠰᠣᠭᠤᠭ ᠢ ᠠᠷᠢᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠠᠭᠤᠵᠢᠭᠤ ᠰᠤᠯᠠ | ᠵᠥᠭᠡᠯᠡᠨ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠪᠠ᠃ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠲᠡᠦᠬᠡᠲᠦ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠮᠵᠢᠯᠲᠠ ᠣᠯᠵᠤ᠂ ᠪᠦᠭᠦ ᠲᠠᠯ᠎ᠠ ᠶᠢᠨ᠂ ᠭᠦᠨ | ᠳᠠᠪᠬᠤᠷᠭ᠎ᠠ ᠶᠢᠨ ᠨᠥᠯᠥᠭᠡ ᠭᠠᠷᠴᠠᠢ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠠᠰᠤᠷᠠᠯᠳᠠ ᠦᠭᠡᠢ | ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠪᠢ ᠦᠷᠭᠦᠯᠵᠢ ᠲᠡᠦᠬᠡ ᠶᠢᠨ ᠦᠶᠡᠯᠡᠯ ᠤᠨ ᠵᠢᠮ᠎ᠡ ᠶᠢ ᠬᠡᠷᠬᠢᠨ ᠳᠠᠪᠠᠭ᠋ᠤ ᠠᠰᠠᠭᠤᠳᠠᠯ ᠢ | ᠶᠠᠷᠢᠳᠠᠭ᠂ ᠡᠨᠡ ᠪᠣᠯ ᠨᠠᠮ ᠤᠨ ᠮᠢᠩᠭᠠᠨ ᠣᠨ ᠤ ᠠᠭᠤᠤ ᠦᠢᠯᠡᠰ ᠲᠠᠢ ᠬᠤᠯᠪᠣᠭᠳᠠᠬᠤ ᠴᠢᠬᠤᠯᠠ ᠶᠡᠭᠡ ᠠᠰᠠᠭᠤᠳᠠᠯ | ᠮᠥᠨ᠂ ᠨᠠᠮ ᠤᠨ ᠮᠠᠨᠳᠤᠵᠤ ᠮᠥᠭᠦᠭᠦ ᠲᠠᠢ ᠬᠤᠯᠪᠣᠭᠳᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ | ᠪᠠᠶᠢᠭᠤᠯᠤᠯ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠲᠠᠢ ᠬᠤᠯᠪᠣᠭᠳᠠᠨ᠎ᠠ᠃ ᠲᠡᠦᠬᠡ ᠶᠢᠨ ᠦᠶᠡᠯᠡᠯ ᠤᠨ | ᠵᠢᠮ᠎ᠡ ᠶᠢ ᠬᠡᠷᠬᠢᠨ ᠳᠠᠪᠠᠭ᠋ᠤ ᠪᠤᠢ︖ ᠨᠠᠮ ᠢᠮᠠᠭᠲᠠ ᠰᠡᠳᠬᠢᠨ ᠪᠣᠳᠣᠯᠬᠢᠯᠠᠵᠤ᠂ ᠬᠠᠶᠢᠨ ᠰᠦᠪᠡᠭᠴᠢᠯᠡᠭᠰᠡᠭᠡᠷ | ᠢᠷᠡᠵᠠᠢ᠃ ᠮᠠᠤ ᠽᠧ ᠳ᠋ᠦᠩ ᠨᠥᠬᠦᠷ ᠶᠠᠨ ᠠᠨ ᠤ ᠨᠦᠭᠡᠨ ᠭᠡᠷ ᠲᠤ ︽ᠠᠷᠠᠳ ᠲᠦᠮᠡᠨ ᠢᠶᠠᠷ ᠵᠠᠰᠠᠭ ᠤᠨ | ᠣᠷᠳᠣᠨ ᠳᠤ ᠬᠢᠨᠠᠯᠲᠠ ᠲᠠᠯᠪᠢᠭᠤᠯᠤᠨ᠎ᠠ︾ ᠭᠡᠰᠡᠨ ᠨᠢᠭᠡᠳᠦᠭᠡᠷ ᠬᠠᠷᠢᠭᠤᠯᠲᠠ ᠶᠢ ᠥᠭᠭᠦᠭᠰᠡᠨ ᠶᠤᠮ︔ ᠵᠠᠭᠤᠨ | ᠵᠢᠯ ᠤᠨ ᠲᠡᠮᠡᠴᠡᠯ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢᠨ᠎ᠡ | ᠦᠢᠯᠡᠳᠦᠯᠭᠡ ᠪᠠᠷ ᠳᠠᠮᠵᠢᠭᠠᠳ᠂ ᠨᠠᠮ ᠠᠴᠠ ᠪᠠᠰᠠ ᠬᠤᠶᠠᠳᠠᠭᠢ ᠬᠠᠷᠢᠭᠤᠯᠲᠠ ᠥᠭᠪᠡ᠂ ᠳᠠᠷᠤᠢ ᠥᠪᠡᠷ ᠪᠡᠶ᠎ᠡ ᠶᠢᠨ | ᠬᠤᠪᠢᠰᠬᠠᠯ ᠬᠢᠬᠦ ᠶᠠᠪᠤᠳᠠᠯ ᠪᠣᠯᠣᠨ᠎ᠠ᠃ ᠥᠪᠡᠷ ᠪᠡᠶ᠎ᠡ ᠶᠢᠨ ᠬᠤᠪᠢᠰᠬᠠᠯ ᠬᠢᠬᠦ ᠪᠣᠯ ᠳᠠᠷᠤᠢ ᠺᠠᠯᠼ ᠨᠥᠬᠦᠪᠦᠷᠢᠯᠡᠵᠦ | ᠶᠠᠰᠤ ᠪᠠᠨ ᠴᠢᠭᠢᠷᠠᠭᠵᠢᠭᠤᠯᠵᠤ᠂ ᠬᠤᠣᠷ ᠢ ᠠᠷᠢᠯᠭᠠᠨ ᠪᠠᠺᠲ᠋ᠧᠷᠢ ᠶᠢ ᠤᠰᠠᠳᠬᠠᠵᠤ᠂ ᠪᠠᠭᠠᠲᠤᠷ ᠡᠷ᠎ᠡ ᠪᠠᠭᠤᠤ ᠪᠠᠨ | ᠴᠠᠪᠴᠢᠵᠤ᠂ ᠢᠯᠵᠠᠷᠠᠬᠤ ᠶᠢ ᠠᠷᠢᠯᠭᠠᠵᠤ᠂ ᠨᠠᠮ ᠤᠨ ᠡᠷᠡᠭᠦᠯ ᠴᠢᠭᠢᠷᠠᠭ ᠪᠡᠶ᠎ᠡ ᠮᠠᠬᠠᠪᠤᠳ ᠢ ᠢᠳᠡᠭᠳᠡᠭᠦᠯᠵᠦ ᠪᠠᠶᠢᠭ᠎ᠠ | ᠸᠢᠷᠦ᠋ᠰ ᠢ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ᠂ ᠥᠪᠡᠷ ᠤᠨ ᠡᠭᠡᠯᠢᠯᠡᠭᠡ ᠶᠢᠨ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠲᠦᠷᠦ ᠵᠠᠰᠠᠭ ᠮᠥᠭᠦᠭᠦ ᠶᠢ ᠰᠡᠷᠭᠡᠶᠢᠯᠡᠬᠦ ᠶᠠᠪᠤᠳᠠᠯ ᠪᠣᠯᠣᠨ᠎ᠠ᠃ ᠵᠣᠷᠢᠭᠲᠠᠢ ᠪᠠᠷ ᠥᠪᠡᠷ | ᠪᠡᠶ᠎ᠡ ᠶᠢᠨ ᠬᠤᠪᠢᠰᠬᠠᠯ ᠬᠢᠬᠦ ᠪᠠ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠪᠣᠯ ᠳᠣᠲᠣᠭᠠᠳᠤ ᠳᠠᠭᠠᠨ ᠨᠢᠭᠡᠳᠦᠯᠲᠡᠢ | ᠪᠠᠶᠢᠳᠠᠭ᠂ ᠴᠥᠮ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠢᠷᠡᠯᠲᠡ ᠲᠠᠢ ᠶᠤᠮ᠃ ᠵᠠᠭᠤᠨ ᠵᠢᠯ ᠤᠨ | ᠲᠤᠷᠰᠢ᠂ ᠨᠠᠮ ᠤᠨ ᠭᠠᠳᠠᠭᠠᠳᠤ ᠳᠠᠭᠠᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠲᠦᠰᠢᠭᠯᠡᠵᠦ᠂ ᠠᠷᠠᠳ | ᠲᠦᠮᠡᠨ ᠤ ᠬᠢᠨᠠᠯᠲᠠ ᠶᠢ ᠬᠦᠯᠢᠶᠡᠵᠦ᠂ ᠳᠣᠲᠣᠭᠠᠳᠤ ᠳᠠᠭᠠᠨ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠳᠤ | ᠲᠦᠰᠢᠭᠯᠡᠵᠦ᠂ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠵᠤ᠂ ᠵᠣᠷᠢᠭᠲᠠᠢ ᠪᠠᠷ ᠦᠨᠡᠨ ᠶᠣᠰᠣ ᠶᠢ | ᠪᠠᠷᠢᠮᠲᠠᠯᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠵᠣᠷᠢᠭᠲᠠᠢ ᠪᠠᠷ ᠬᠢᠲᠤᠭᠠᠨ ᠢᠷ ᠢᠶᠠᠨ ᠳᠣᠲᠣᠭᠰᠢ | ᠬᠠᠨᠳᠤᠭᠤᠯᠵᠤ᠂ ᠵᠣᠷᠢᠭᠲᠠᠢ ᠪᠠᠷ ᠶᠠᠰᠤ ᠪᠠᠨ ᠬᠤᠰᠤᠵᠤ ᠬᠤᠣᠷ ᠢᠶᠠᠨ ᠡᠮᠨᠡᠵᠦ᠂ ᠨᠠᠮ ᠤᠨ ᠥᠨᠢ ᠡᠭᠦᠷᠢᠳᠡ | ᠬᠥᠭᠵᠢᠨ ᠮᠠᠨᠳᠤᠵᠤ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠪᠠᠲᠤᠯᠠᠵᠠᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠥᠪᠡᠷ | ᠪᠡᠶ᠎ᠡ ᠶᠢᠨ ᠬᠤᠪᠢᠰᠬᠠᠯ ᠬᠢᠬᠦ ᠠᠭᠤᠤ ᠶᠡᠭᠡ ᠦᠢᠯᠡᠳᠦᠯᠭᠡ ᠮᠥᠨ᠂ ᠵᠠᠭᠤᠨ ᠵᠢᠯ ᠤᠨ ᠲᠣᠮᠣ ᠨᠠᠮ ᠤᠨ ᠥᠪᠡᠷ | ᠪᠡᠶ᠎ᠡ ᠶᠢᠨ ᠬᠤᠪᠢᠰᠬᠠᠯ ᠬᠢᠬᠦ ᠰᠢᠨ᠎ᠡ ᠠᠬᠤᠢ ᠪᠠᠶᠢᠳᠠᠯ ᠢ ᠨᠡᠭᠡᠭᠡᠪᠡ᠃ ᠨᠢᠭᠡᠳᠦᠭᠡᠷ ᠲᠤ᠂ ᠨᠠᠮ ᠤᠨ ᠤᠯᠤᠰ | ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠥᠪᠡᠷ ᠪᠡᠶ᠎ᠡ ᠶᠢᠨ | ᠬᠤᠪᠢᠰᠬᠠᠯ ᠬᠢᠬᠦ ᠤᠯᠤᠰ ᠲᠦᠷᠦ ᠶᠢᠨ ᠦᠨᠳᠦᠰᠦᠨ ᠴᠢᠭᠯᠡᠯ ᠢ ᠪᠠᠲᠤ ᠰᠠᠬᠢᠬᠤ ᠬᠡᠷᠡᠭᠲᠡᠢ᠃ ᠬᠤᠶᠠᠳᠤᠭᠠᠷ ᠲᠤ᠂ | ᠦᠵᠡᠯ ᠰᠠᠨᠠᠭᠠᠨ ᠤ ᠪᠠᠶᠢᠭᠤᠯᠤᠯᠲᠠ ᠪᠠᠷ ᠨᠠᠮ ᠤᠨ ᠰᠠᠭᠤᠷᠢ ᠴᠢᠨᠠᠷᠲᠠᠢ ᠪᠠᠶᠢᠭᠤᠯᠤᠯᠲᠠ ᠪᠤᠯᠭᠠᠬᠤ ᠶᠢ ᠪᠠᠷᠢᠮᠲᠠᠯᠠᠵᠤ᠂ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠦᠵᠡᠯ ᠰᠠᠨᠠᠭᠠᠨ ᠤ ᠬᠤᠷᠴᠠ ᠵᠡᠪᠰᠡᠭ ᠢ ᠳᠠᠪᠲᠠᠨ ᠪᠤᠯᠪᠠᠰᠤᠷᠠᠭᠤᠯᠬᠤ | ᠬᠡᠷᠡᠭᠲᠡᠢ᠃ ᠭᠤᠷᠪᠠᠳᠤᠭᠠᠷ ᠲᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ | ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠴᠢᠩᠳᠠᠯᠠᠨ ᠰᠤᠷᠲᠠᠯ ᠢ ᠴᠡᠭᠴᠡᠯᠡᠵᠦ᠂ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠪᠦᠲᠦᠮᠵᠢᠲᠡᠢ ᠠᠷᠭ᠎ᠠ ᠵᠠᠮ ᠢ ᠪᠠᠶᠠᠯᠢᠭᠵᠢᠭᠤᠯᠬᠤ ᠬᠡᠷᠡᠭᠲᠡᠢ᠃ ᠳᠥᠷᠪᠡᠳᠦᠭᠡᠷ ᠲᠤ᠂ ᠰᠦᠷ | ᠳᠠᠯᠠᠶᠢᠴᠠᠲᠠᠢ ᠪᠠᠷ ᠢᠯᠵᠠᠷᠠᠯ ᠢ ᠡᠰᠡᠷᠭᠦᠴᠡᠨ ᠬᠠᠷᠭᠢᠰ ᠬᠦᠴᠦᠨ ᠢ ᠵᠠᠯᠬᠠᠭᠠᠬᠤ ᠶᠢ ᠪᠠᠷᠢᠮᠲᠠᠯᠠᠵᠤ᠂ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠲᠠᠶᠢᠨ ᠢ | ᠰᠠᠶᠢᠲᠤᠷ ᠬᠢᠬᠦ ᠬᠡᠷᠡᠭᠲᠡᠢ᠃ ᠲᠠᠪᠤᠳᠤᠭᠠᠷ ᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ | ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠶᠢ ᠪᠠᠷᠢᠮᠲᠠᠯᠠᠵᠤ᠂ | ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠬᠦ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠺᠠᠳ᠋ᠷ ᠤᠨ ᠡᠩᠨᠡᠭᠡ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠵᠢᠷᠭᠤᠳᠤᠭᠠᠷ ᠲᠤ᠂ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠳᠦᠷᠢᠮ ᠤᠨ | ᠵᠢᠷᠤᠮᠵᠢᠯ ᠤᠨ ᠰᠢᠰᠲ᠋ᠧᠮ ᠢ ᠪᠠᠶᠢᠭᠤᠯᠬᠤ ᠶᠢ ᠪᠠᠷᠢᠮᠲᠠᠯᠠᠵᠤ᠂ ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠠᠬᠢᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠮᠠᠷᠺᠰ ᠤᠨ ᠦᠵᠡᠯ ᠤᠨ | ᠨᠠᠮ ᠪᠠᠶᠢᠭᠤᠯᠬᠤ ᠰᠤᠷᠭᠠᠯ ᠢ ᠵᠠᠯᠭᠠᠮᠵᠢᠯᠠᠨ ᠬᠥᠭᠵᠢᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ | ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠨᠠᠮ ᠢ ᠬᠠᠮᠢᠶᠠᠷᠬᠤ ᠨᠠᠮ ᠢ ᠵᠠᠰᠠᠬᠤ ᠦᠢᠯᠡᠳᠦᠯᠭᠡ ᠶᠢᠨ ᠰᠢᠨ᠎ᠡ ᠡᠭᠦᠳᠦᠯᠲᠡ᠂ | ᠤᠨᠤᠯ ᠤᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠭᠦᠨᠵᠡᠭᠡᠢ ᠠᠬᠢᠭᠤᠯᠵᠤ᠂ ᠶᠠᠮᠠᠷᠰᠢᠤ ᠤᠷᠳᠤ | ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠬᠡᠷᠬᠢᠨ ᠤᠷᠳᠤ | ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ ᠲᠤᠬᠠᠢ ᠵᠢᠮ᠎ᠡ | ᠶᠣᠰᠣᠴᠢ ᠴᠢᠨᠠᠷᠲᠠᠢ ᠲᠠᠨᠢᠯᠲᠠ ᠰᠢᠨ᠎ᠡ ᠥᠨᠳᠥᠷᠴᠡ ᠳᠤ ᠬᠦᠷᠴᠡᠢ᠃ ︵ᠨᠢᠭᠡ︶ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠎ᠠ᠃ ︵ᠬᠤᠶᠠᠷ︶ ᠨᠠᠮ ᠨᠢ ᠨᠠᠮ ᠢᠶᠠᠨ ᠬᠠᠮᠢᠶᠠᠷᠬᠤ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠪᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠤᠨ᠎ᠠ᠃ ︵ᠭᠤᠷᠪᠠ︶ ᠨᠠᠮ ᠤᠨ ᠤᠯᠤᠰ | ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠪᠦᠭᠦ ᠨᠠᠮ ᠤᠨ ᠤᠯᠤᠰ | ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ ᠤᠯᠤᠰ ᠲᠥᠷᠥ ᠶᠢᠨ | ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ︵ | ᠳᠥᠷᠪᠡ︶ ᠴᠢᠩᠭ᠎ᠠ ᠪᠠᠶᠢᠬᠤ ᠭᠤᠣᠯ ᠭᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠬᠠᠨᠳᠤᠯᠭᠠᠲᠤ ᠴᠢᠨᠠᠷ ᠢ | ᠳᠡᠭᠡᠭᠰᠢᠯᠡᠭᠦᠯᠦᠨ᠎ᠡ᠃ ︵ᠲᠠᠪᠤ︶ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠰᠠᠶᠢᠨ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠤᠨ ᠥᠭᠡᠳᠡᠯᠡᠨ ᠲᠠᠪᠰᠢᠬᠤ ᠶᠢ ᠲᠠᠶᠢᠴᠢᠯᠠᠨ᠎ᠠ᠃ ︵ᠵᠢᠷᠭᠤᠭ᠎ᠠ︶ ᠤᠬᠳᠤ ᠠᠭᠤᠴᠢᠯᠠᠬᠤ | ᠦᠭᠡᠢ ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠬᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠢᠯᠵᠠᠷᠠᠯ ᠢ ᠡᠰᠡᠷᠭᠦᠴᠡᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃ ︵ᠲᠤᠯᠤᠭ᠎ᠠ︶ ᠤᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠬᠤ ᠠᠯᠢᠪᠠ ᠢᠯᠵᠠᠷᠠᠯ ᠪᠠ ᠲᠥᠪ ᠪᠤᠰᠤ ᠰᠤᠷᠲᠠᠯ ᠢ ᠵᠠᠯᠠᠷᠠᠭᠤᠯᠬᠤ ᠶᠢ ᠪᠠᠷᠢᠮᠲᠠᠯᠠᠵᠤ᠂ | ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠨ᠎ᠠ ᠭᠡᠰᠡᠨ ᠲᠥᠷᠥᠭᠳᠡᠯ ᠢ ᠥᠭᠭᠦᠨ᠎ᠡ᠃ | ︵ᠨᠠᠢᠮᠠ︶ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠬᠤ ᠳᠤ ᠳᠡᠭᠡᠳᠦ ᠱᠠᠲᠤ ᠨᠢ ᠳᠣᠣᠷᠠᠳᠤ | ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠤᠨ᠎ᠠ᠃ ︵ᠶᠢᠰᠦ︶ ᠨᠠᠮ ᠪᠠ ᠤᠯᠤᠰ ᠤᠨ ᠬᠢᠨᠠᠯᠲᠠ | ᠲᠠᠯᠪᠢᠬᠤ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠪᠦᠭᠦ ᠲᠠᠯ᠎ᠠ ᠶᠢ ᠬᠠᠮᠤᠷᠤᠭᠰᠠᠨ᠂ ᠪᠠᠶᠢᠩᠭᠤ ᠶᠢᠨ ᠪᠥᠭᠡᠳ | ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠨ᠎ᠠ ᠭᠡᠵᠦ ᠵᠢᠭᠠᠵᠤ | ᠭᠠᠷᠭᠠᠪᠠ᠃ | |