ᠤᠯᠤᠰ ᠲᠦᠷᠦ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠰᠠᠨᠠᠯ ᠲᠤᠷᠠᠳᠤᠯᠭ᠎ᠠ ᠶᠢᠨ ᠵᠦᠪᠯᠡᠯ ᠤᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠳᠡ 
ᠨᠡᠶᠢᠲᠡᠯᠡᠭᠰᠡᠨ ᠴᠠᠭ᠄
2023/2/14
          ︵2023 ᠣᠨ ᠤ 2 ᠰᠠᠷ᠎ᠠ ᠶᠢᠨ 10 ᠤ ᠡᠳᠦᠷ ᠤᠯᠤᠰ ᠲᠦᠷᠦ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠠᠴᠠ ᠪᠠᠳᠤᠯᠠᠪᠠ︶      ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠤᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠺᠣᠮᠢᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠤᠷᠤᠯᠴᠠᠨ  ᠲᠤᠭᠤᠰᠢᠯᠠᠭᠤᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠶᠢᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢᠨ ᠲᠣᠭᠤᠷᠢᠨ ᠳᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠢᠳᠡᠪᠬᠢᠲᠡᠶ ᠪᠠᠷ ᠰᠠᠨᠠᠯ ᠳᠤᠷᠠᠳᠤᠯᠭ᠎ᠠ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠠᠷ ᠳᠠᠮᠵᠢᠭᠤᠯᠤᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠡᠷᠡᠭᠦᠯ᠂ ᠥᠨᠳᠥᠷ ᠦᠷ᠎ᠡ ᠪᠦᠲᠦᠮᠵᠢᠲᠡᠶ᠂ ᠲᠦᠷᠭᠡᠨ ᠬᠥᠭᠵᠢᠯᠲᠡ ᠶᠢ ᠠᠬᠢᠭᠤᠯᠤᠨ᠎ᠠ᠃    2023 ᠣᠨ ᠤ 2 ᠰᠠᠷ᠎ᠠ ᠶᠢᠨ 8 ᠤ ᠡᠳᠦᠷ ᠤᠨ 18 ᠴᠠᠭ ᠪᠣᠯᠲᠠᠯ᠎ᠠ᠂ ᠶᠡᠭᠡ ᠬᠤᠷᠠᠯ ᠠᠴᠠ ᠨᠡᠶᠢᠳᠡ 284 ᠬᠤᠪᠢ ᠰᠠᠨᠠᠯ ᠳᠤᠷᠠᠳᠤᠯᠭ᠎ᠠ ᠶᠢ ᠬᠦᠯᠢᠶᠡᠨ ᠠᠪᠤᠪᠠ᠃ ᠡᠭᠦᠨ ᠤ ᠳᠣᠲᠣᠷ᠎ᠠ᠂ ᠠᠷᠠᠳᠴᠢᠯᠠᠭᠰᠠᠨ ᠨᠠᠮ ᠪᠦᠯᠦᠭ ᠤᠨ ᠰᠠᠨᠠᠯ ᠵᠥᠪᠯᠡᠯᠭᠡ 7 ᠬᠤᠪᠢ᠂ ᠬᠠᠮᠲᠤ ᠶᠢᠨ ᠰᠠᠨᠠᠯ ᠵᠥᠪᠯᠡᠯᠭᠡ 1 ᠬᠤᠪᠢ᠂ ᠭᠡᠰᠢᠭᠦᠨ ᠬᠤᠪᠢ ᠬᠥᠮᠦᠨ ᠵᠢᠴᠢ ᠨᠡᠷ᠎ᠡ ᠬᠤᠯᠪᠣᠭᠰᠠᠨ ᠰᠠᠨᠠᠯ ᠵᠥᠪᠯᠡᠯᠭᠡ 276 ᠬᠤᠪᠢ ᠪᠠᠶᠢᠨ᠎ᠠ᠃ ︽ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠵᠥᠪᠯᠡᠯ ᠤᠨ ᠰᠠᠨᠠᠯ ᠳᠤᠷᠠᠳᠤᠯᠭ᠎ᠠ ᠶᠢᠨ ᠠᠵᠢᠯ ᠤᠨ ᠲᠦᠷᠢᠮ︾ ︽ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠬᠤ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠰᠠᠨᠠᠯ ᠳᠤᠷᠠᠳᠤᠯᠭ᠎ᠠ ᠶᠢ ᠠᠩᠬ᠎ᠠ ᠬᠢᠨᠠᠬᠤ᠂ ᠳᠠᠬᠢᠨ ᠬᠢᠨᠠᠬᠤ᠂ ᠵᠠᠰᠠᠪᠤᠷᠢ ᠣᠷᠣᠭᠤᠯᠬᠤ᠂ ᠲᠡᠭᠦᠯᠳᠡᠷᠵᠢᠭᠦᠯᠬᠦ ᠪᠠᠷ ᠳᠡᠮᠵᠢᠨ᠂ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠠᠴᠠ ᠬᠢᠨᠠᠨ ᠵᠥᠪᠯᠡᠵᠦ ᠪᠠᠲᠤᠯᠠᠭᠠᠳ᠂ 231 ᠬᠤᠪᠢ ︵47 ᠬᠤᠪᠢ ᠰᠠᠨᠠᠯ ᠳᠤᠷᠠᠳᠤᠯᠭ᠎ᠠ ᠶᠢ ᠨᠡᠶᠢᠯᠡᠭᠦᠯᠦᠭᠰᠡᠨ︶ ᠬᠡᠷᠡᠭ ᠪᠣᠯᠭᠠᠨ ᠳᠡᠩᠰᠡᠯᠡᠵᠦ᠂ ᠬᠤᠷᠢᠶᠠᠨ ᠣᠯᠤᠭᠰᠠᠨ ᠰᠠᠨᠠᠯ ᠳᠤᠷᠠᠳᠤᠯᠭ᠎ᠠ ᠶᠢᠨ ᠶᠡᠷᠦᠩᠬᠡᠶ ᠲᠣᠭᠠᠨ ᠤ 81.34% ᠶᠢ ᠡᠵᠡᠯᠡᠪᠡ︔ 53 ᠬᠤᠪᠢ ᠶᠢ ᠨᠢ ᠬᠡᠷᠡᠭ ᠪᠣᠯᠭᠠᠨ ᠳᠠᠩᠰᠠᠯᠠᠭᠰᠠᠨ ᠦᠭᠡᠢ᠂ ᠡᠨᠡ ᠨᠢ ᠬᠦᠯᠢᠶᠡᠨ ᠠᠪᠤᠭᠰᠠᠨ ᠰᠠᠨᠠᠯ ᠵᠥᠪᠯᠡᠯᠭᠡ ᠶᠢᠨ ᠪᠦᠬᠦ ᠲᠣᠭᠠᠨ ᠤ 18.66% ᠶᠢ ᠡᠵᠡᠯᠡᠵᠡᠶ᠃ ᠭᠤᠣᠯᠳᠠᠯᠭ᠎ᠠ ᠲᠠᠢ ᠰᠢᠢᠳᠪᠦᠷᠢᠯᠡᠬᠦ ᠰᠠᠨᠠᠯ ᠳᠤᠷᠠᠳᠤᠯᠭ᠎ᠠ᠂ ᠭᠤᠣᠯᠳᠠᠯᠭ᠎ᠠ ᠲᠠᠢ ᠱᠠᠯᠠᠪᠳᠠᠭᠤᠯᠤᠨ ᠰᠢᠢᠳᠪᠦᠷᠢᠯᠡᠬᠦ ᠰᠠᠨᠠᠯ ᠳᠤᠷᠠᠳᠤᠯᠭ᠎ᠠ ᠶᠢ ᠰᠢᠯᠢᠨ ᠰᠣᠩᠭᠤᠬᠤ ᠠᠷᠭ᠎ᠠ ᠪᠣᠯᠤᠨ ᠰᠢᠢᠳᠪᠦᠷᠢᠯᠡᠬᠦ ᠲᠣᠭᠲᠠᠭᠠᠯ ᠶᠣᠰᠣᠭᠠᠷ᠂ ᠭᠤᠣᠯᠳᠠᠯᠭ᠎ᠠ ᠲᠠᠢ ᠱᠠᠯᠠᠪᠳᠠᠭᠤᠯᠤᠨ ᠰᠢᠢᠳᠪᠦᠷᠢᠯᠡᠬᠦ ᠰᠠᠨᠠᠯ ᠳᠤᠷᠠᠳᠤᠯᠭ᠎ᠠ ᠶᠢ 15 ᠬᠤᠪᠢ ᠲᠣᠭᠲᠠᠭᠠᠵᠤ᠂ ᠬᠡᠷᠡᠭ ᠪᠣᠯᠭᠠᠨ ᠳᠠᠩᠰᠠᠯᠠᠭᠰᠠᠨ ᠶᠡᠷᠦᠩᠬᠡᠢ ᠲᠣᠭᠠᠨ ᠤ 6.49% ᠢ ᠡᠵᠡᠯᠡᠪᠡ︔ 40 ᠬᠤᠪᠢ ᠰᠠᠨᠠᠯ ᠵᠥᠪᠯᠡᠯᠭᠡ ᠶᠢ ᠭᠤᠣᠯᠳᠠᠯᠭ᠎ᠠ ᠲᠠᠢ ᠪᠠᠷ ᠰᠢᠢᠳᠪᠦᠷᠢᠯᠡᠪᠡ᠂ ᠡᠨᠡ ᠨᠢ ᠬᠡᠷᠡᠭ ᠪᠣᠯᠭᠠᠨ ᠳᠠᠩᠰᠠᠯᠠᠭᠰᠠᠨ ᠶᠡᠷᠦᠩᠬᠡᠶ ᠲᠣᠭᠠᠨ ᠤ 17.31% ᠶᠢ ᠡᠵᠡᠯᠡᠪᠡ᠃    ᠶᠡᠷᠦᠩᠬᠡᠶ ᠳᠤᠨᠢ ᠠᠪᠴᠤ ᠦᠵᠡᠪᠡᠯ᠂ ᠶᠡᠭᠡ ᠬᠤᠷᠠᠯ ᠤᠨ ᠳᠤᠷᠠᠳᠤᠯᠭ᠎ᠠ ᠨᠢ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠡᠯ᠎ᠡ  ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠰᠡᠳᠦᠪ ᠰᠣᠩᠭᠤᠬᠤ ᠨᠢ ᠣᠨᠣᠪᠴᠢᠲᠠᠢ᠂ ᠰᠠᠨᠠᠭᠤᠯᠭ᠎ᠠ ᠨᠢ ᠪᠣᠳᠠᠲᠠᠢ ᠶᠢ ᠡᠷᠬᠢᠮᠯᠡᠭᠰᠡᠨ ᠨᠢ ᠭᠡᠰᠢᠭᠦᠳ ᠤᠨ ᠤᠯᠤᠰ ᠲᠦᠷᠦ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠭᠡᠰᠢᠭᠦᠳ ᠤᠨ ᠤᠶᠤᠨ ᠤᠬᠠᠭᠠᠨ ᠪᠠ ᠬᠦᠴᠦ ᠬᠥᠳᠡᠯᠮᠦᠷᠢ ᠶᠢ ᠨᠢᠭᠲᠠᠷᠠᠭᠤᠯᠵᠤ᠂ ᠡᠯ᠎ᠡ ᠡᠲᠡᠭᠡᠳ ᠤᠨ ᠤᠯᠠᠨ ᠲᠦᠮᠡᠨ ᠤ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠢ ᠠᠴᠢᠶᠠᠯᠠᠵᠤ᠂ ᠵᠥᠪᠯᠡᠬᠦ ᠠᠷᠠᠳᠴᠢᠯᠠᠯ ᠤᠨ ᠲᠦᠷᠢᠮ ᠤᠨ ᠳᠠᠪᠠᠭᠤᠯᠢᠭ ᠢ ᠢᠯᠡᠷᠡᠭᠦᠯᠪᠡ᠃ ᠡᠭᠦᠨ ᠤ ᠳᠣᠲᠣᠷ᠎ᠠ᠄    ᠮᠠᠨ ᠤ ᠠᠶᠢᠮᠠᠭ ᠤᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠭᠤᠷᠢᠨ ᠳᠤ 53 ᠬᠤᠪᠢ ᠰᠠᠨᠠᠯ ᠳᠤᠷᠠᠳᠤᠯᠭ᠎ᠠ ᠳᠤᠷᠠᠳᠴᠤ᠂ ᠬᠡᠷᠡᠭ ᠪᠣᠯᠭᠠᠨ ᠳᠠᠩᠰᠠᠯᠠᠭᠰᠠᠨ ᠶᠡᠷᠦᠩᠬᠡᠶ ᠲᠣᠭᠠᠨ ᠤ 28.8% ᠶᠢ ᠡᠵᠡᠯᠡᠪᠡ᠃ ᠠᠭᠤᠯᠭ᠎ᠠ ᠨᠢ ᠭᠤᠤᠯᠳᠠᠭᠤ᠄ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠵᠦ᠂ ᠬᠢᠩᠭᠠᠨ ᠠᠶᠢᠮᠠᠭ ᠤᠨ ︽ᠨᠢᠭᠡ ᠥᠷᠲᠡᠭᠡ ᠮᠠᠶ᠋ᠢᠭ︾ ᠤᠨ ᠮᠠᠯᠴᠢᠨ ᠲᠠᠷᠢᠶᠠᠴᠢᠨ ᠤ ᠶᠡᠷᠦᠩᠬᠡᠶᠢᠯᠡᠭᠰᠡᠨ  ᠦᠢᠯᠡᠴᠢᠯᠡᠭᠡᠨ ᠤ ᠲᠥᠪ ᠢ ᠪᠠᠶᠢᠭᠤᠯᠤᠨ᠎ᠠ︔ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠢ ᠳᠡᠯᠭᠡᠷᠡᠭᠦᠯᠦᠨ᠂ ᠬᠢᠩᠭᠠᠨ ᠠᠶᠢᠮᠠᠭ ᠤᠨ ᠲᠤᠲᠤᠷᠭ᠎ᠠ ᠶᠢᠨ ᠨᠠᠷᠠᠲᠤ ᠲᠡᠮᠳᠡᠭᠲᠦ ᠶᠢ ᠪᠤᠶᠢᠵᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠢᠳᠡᠰᠢᠨ ᠨᠣᠭᠤᠭ᠎ᠠ ᠶᠢᠨ ᠬᠦᠯᠡᠮᠵᠢ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ︔ ᠪᠦᠬᠦ ᠣᠷᠣᠨ ᠪᠦᠰᠡ ᠶᠢᠨ ᠰᠣᠶᠣᠯ ᠵᠤᠭᠠᠴᠠᠯ ᠤᠨ ᠲᠣᠭᠠᠴᠢᠯᠠᠭᠰᠠᠨ ᠰᠢᠰᠲ᠋ᠧᠮ ᠢ ᠨᠡᠪᠲᠡᠷᠡᠭᠦᠯᠵᠦ᠂ ᠬᠢᠩᠭᠠᠨ ᠠᠶᠢᠮᠠᠭ ᠤᠨ ᠬᠤᠪᠢᠰᠬᠠᠯ ᠤᠨ ᠰᠣᠶᠣᠯ ᠢ ᠨᠡᠭᠡᠭᠡᠨ ᠠᠰᠢᠭᠯᠠᠵᠤ᠂ ᠬᠢᠩᠭᠠᠨ ᠠᠶᠢᠮᠠᠭ ᠤᠨ ︽ᠵᠤᠭᠠᠴᠠᠯ ᠤᠨ ᠮᠥᠩᠭᠦᠨ ᠭᠦᠢᠯᠭᠡᠭᠡ︾ ᠶᠢ ᠪᠠᠶᠢᠭᠤᠯᠤᠨ᠎ᠠ︔ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠷᠭᠡᠨ ᠬᠦᠷᠭᠡᠬᠦ ᠠᠵᠢᠯ ᠲᠥᠷᠥᠯ ᠵᠢᠴᠢ ᠤᠯᠠᠭ᠎ᠠ ᠥᠷᠲᠡᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ᠂ ᠮᠠᠨ ᠤ ᠠᠶᠢᠮᠠᠭ ᠤᠨ 5G ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠨᠡᠪᠲᠡᠷᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠰᠠᠨᠠᠯ ᠳᠤᠷᠠᠳᠤᠯᠭ᠎ᠠ ᠳᠤᠷᠠᠳᠪᠠ᠃    ᠬᠤᠳᠠ ᠶᠢᠨ ᠪᠦᠳᠦᠭᠡᠠ ᠪᠠᠶᠢᠭᠤᠯᠤᠯᠲᠠ ᠬᠢᠭᠡᠳ ᠬᠠᠮᠢᠶᠠᠷᠤᠯᠲᠠ᠂ ᠣᠷᠴᠢᠨ ᠠᠬᠤᠶ ᠶᠢᠨ ᠬᠠᠮᠠᠭᠠᠯᠠᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠲᠠᠢ ᠤᠶᠠᠯᠳᠤᠭᠤᠯᠤᠨ 41 ᠬᠤᠪᠢ ᠰᠠᠨᠠᠯ ᠵᠥᠪᠯᠡᠯᠭᠡ ᠳᠤᠷᠠᠳᠴᠠᠶ᠂ ᠡᠨᠡ ᠨᠢ ᠬᠡᠷᠡᠭ ᠪᠣᠯᠭᠠᠨ ᠳᠠᠩᠰᠠᠯᠠᠭᠰᠠᠨ ᠪᠦᠬᠦ ᠲᠣᠭᠠᠨ ᠤ 22.28% ᠶᠢ ᠡᠵᠡᠯᠡᠵᠦ ᠪᠠᠶᠢᠨ᠎ᠠ᠃ ᠠᠭᠤᠯᠭ᠎ᠠ ᠨᠢ ᠭᠤᠣᠯᠳᠠᠭᠤ᠄ ᠲᠥᠪ ᠬᠤᠳᠠ ᠶᠢᠨ ᠨᠠᠷᠢᠯᠢᠬᠵᠢᠭᠤᠯᠤᠭᠰᠠᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠬᠤᠭ ᠨᠣᠪᠰᠢ ᠶᠢ ᠲᠦᠷᠦᠯ ᠬᠤᠪᠢᠶᠠᠬᠤ ᠶᠢ ᠳᠡᠯᠭᠡᠷᠡᠭᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠵᠤ ᠠᠬᠤᠢ ᠶᠢ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠣᠬᠢᠷᠲᠤᠯ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠤᠨ ᠪᠦᠳᠦᠭᠡᠨ ᠪᠠᠶᠢᠭᠤᠯᠤᠯᠲᠠ ᠪᠠ ᠪᠣᠬᠢᠷ ᠤᠰᠤ ᠶᠢ ᠴᠡᠪᠡᠷᠰᠢᠭᠦᠯᠬᠦ ᠠᠵᠢᠯ ᠢ ᠰᠠᠶᠢᠲᠤᠷ ᠬᠢᠬᠦ ᠵᠡᠷᠭᠡ ᠰᠠᠨᠠᠯ ᠳᠤᠷᠠᠳᠤᠯᠭ᠎ᠠ ᠪᠤᠢ᠃    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠬᠥᠮᠦᠨ ᠠᠮᠠ ᠶᠢᠨ ᠡᠷᠡᠭᠦᠯ ᠮᠡᠨᠳᠤ ᠵᠡᠷᠭᠡ ᠨᠡᠶᠢᠭᠡᠮ ᠤᠨ ᠦᠢᠯᠡᠰ ᠲᠠᠢ ᠤᠶᠠᠯᠳᠤᠭᠤᠯᠤᠨ 64 ᠬᠤᠪᠢ ᠰᠠᠨᠠᠯ ᠵᠥᠪᠯᠡᠯᠭᠡ ᠳᠤᠷᠠᠳᠴᠠᠶ᠂ ᠡᠨᠡ ᠨᠢ ᠬᠡᠷᠡᠭ ᠪᠣᠯᠭᠠᠨ ᠳᠠᠩᠰᠠᠯᠠᠭᠰᠠᠨ ᠶᠡᠷᠦᠩᠬᠡᠶ ᠲᠣᠭᠠᠨ ᠤ 34.78% ᠶᠢ ᠡᠵᠡᠯᠡᠵᠦ ᠪᠠᠶᠢᠨ᠎ᠠ᠃ ᠠᠭᠤᠯᠭ᠎ᠠ ᠨᠢ ᠭᠤᠤᠯᠳᠠᠭᠤ᠄ ᠮᠠᠨ ᠤ ᠠᠶᠢᠮᠠᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ  ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠲᠣᠭᠲᠠᠴᠠ ᠶᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ︽ᠬᠡᠷ ᠤᠨ ᠠᠬᠠᠮᠠᠳ ᠤᠨ ᠵᠥᠪᠯᠡᠯ︾ ᠪᠠ ︽ᠵᠢᠵᠢᠭ ᠬᠤᠭᠤᠯᠠᠨ ᠰᠢᠷᠡᠭᠡ︾ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠠᠮᠤᠷ ᠲᠦᠪᠰᠢᠨ ᠢ ᠦᠨᠡᠨᠬᠦ ᠪᠠᠲᠤᠯᠠᠨ᠎ᠠ︔ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠣᠩᠭᠤᠯ ᠦᠨᠳᠦᠰᠦᠲᠡᠨ ᠤ ᠬᠠᠳᠬᠤᠮᠠᠯ᠂ ᠤᠯᠠᠭ᠎ᠠ ᠵᠡᠷᠭᠡ ᠦᠨᠳᠦᠰᠦᠲᠡᠨ ᠤ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ︔ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ᠂ ᠪᠡᠶ᠎ᠡ ᠶᠢᠨ ᠲᠠᠮᠢᠷ ᠤᠨ ᠤᠨᠴᠠᠯᠢᠭᠳᠤ ᠵᠢᠵᠢᠭ ᠪᠠᠯᠭᠠᠰᠤ ᠶᠢ ᠠᠬᠢᠭᠤᠯᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ  ᠦᠢᠯᠡᠴᠢᠯᠡᠬᠦ ᠬᠢᠷᠢ ᠲᠦᠪᠰᠢᠨ ᠪᠠ ᠤᠳᠠᠭᠠᠨ ᠴᠢᠨᠠᠷᠲᠠᠶ ᠡᠪᠡᠳᠴᠢᠨ ᠤ ᠡᠮ ᠤᠨ ᠵᠦᠢᠯ ᠢ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠰᠠᠨᠠᠯ ᠳᠤᠷᠠᠳᠤᠯᠭ᠎ᠠ ᠪᠤᠢ    ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠪᠠ ᠨᠡᠶᠢᠭᠡᠮ ᠤᠨ ᠪᠠᠲᠤᠯᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠤᠨ᠂ 11 ᠬᠤᠪᠢ ᠰᠠᠨᠠᠯ ᠵᠥᠪᠯᠡᠯᠭᠡ ᠳᠤᠷᠠᠳᠴᠠᠶ᠂ ᠡᠨᠡ ᠨᠢ ᠬᠡᠷᠡᠭ ᠪᠣᠯᠭᠠᠨ ᠳᠠᠩᠰᠠᠯᠠᠭᠰᠠᠨ ᠶᠡᠷᠦᠩᠬᠡᠶ ᠲᠣᠭᠠᠨ ᠤ 5.98% ᠶᠢ ᠡᠵᠡᠯᠡᠵᠦ ᠪᠠᠶᠢᠨ᠎ᠠ᠃ ᠠᠭᠤᠯᠭ᠎ᠠ ᠨᠢ ᠭᠤᠤᠯᠳᠠᠭᠤ᠄ 12345 ᠵᠠᠰᠠᠭ ᠤᠨ ᠶᠠᠪᠤᠳᠠᠯ ᠤᠨ ᠲᠠᠪᠴᠠᠩ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠪᠠᠶᠠᠯᠢᠭᠵᠢᠭᠤᠯᠤᠨ᠂ ᠴᠢᠳᠠᠪᠤᠷᠢᠲᠠᠨ ᠢ ᠨᠠᠷᠢᠯᠢᠭ ᠣᠨᠣᠴᠠᠲᠠᠶ ᠪᠠᠷ ᠤᠷᠢᠨ ᠬᠡᠷᠡᠭᠯᠡᠵᠦ᠂ ᠥᠪᠥᠷ ᠮᠣᠩᠭᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠢᠮ ᠢ ᠨᠠᠶᠢᠳᠠᠪᠤᠷᠢᠵᠢᠭᠤᠯᠤᠨ᠎ᠠ ᠬᠤᠳᠠ ᠪᠠᠯᠭᠠᠰᠤᠨ ᠤ ᠬᠦᠴᠢᠷᠳᠡᠯᠲᠡᠶ ᠭᠡᠷ ᠪᠦᠯᠢ ᠶᠢᠨ ᠠᠮᠢᠳᠤᠷᠠᠯ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠲᠤᠰᠬᠠᠶ ᠠᠵᠢᠯᠳᠠᠨ ᠤ ᠬᠠᠷᠠᠭᠠᠯᠵᠠᠯ ᠢ ᠪᠠᠲᠤᠯᠠᠬᠤ᠂ ᠨᠠᠰᠤᠵᠢᠯ ᠤᠨ ᠠᠰᠠᠷᠠᠮᠵᠢ ᠶᠢᠨ ᠤᠯᠠᠨ ᠡᠰᠢᠲᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠬᠤ ᠵᠡᠷᠭᠡ ᠰᠠᠨᠠᠯ ᠵᠥᠪᠯᠡᠯᠭᠡ ᠳᠤᠷᠠᠳᠪᠠ᠃    ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ᠂ ᠪᠤᠰᠤᠳ ᠠᠵᠢᠯ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ 15 ᠬᠤᠪᠢ ᠰᠠᠨᠠᠯ ᠵᠥᠪᠯᠡᠯᠭᠡ ᠳᠤᠷᠠᠳᠴᠠᠶ᠂ ᠡᠨᠡ ᠨᠢ ᠬᠡᠷᠡᠭ ᠪᠣᠯᠭᠠᠨ ᠳᠠᠩᠰᠠᠯᠠᠭᠰᠠᠨ ᠶᠡᠷᠦᠩᠬᠡᠶ ᠲᠣᠭᠠᠨ ᠤ 8.15% ᠶᠢ ᠡᠵᠡᠯᠡᠵᠦ ᠪᠠᠶᠢᠨ᠎ᠠ᠃ ᠡᠭᠦᠨ ᠤ ᠠᠭᠤᠯᠭ᠎ᠠ ᠨᠢ ᠭᠤᠣᠯᠳᠠᠭᠤ᠄ ᠴᠠᠬᠢᠯᠭᠠᠨ ᠬᠦᠴᠦᠨ ᠤ ᠱᠤᠭᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ᠂ ᠤᠢ ᠰᠢᠭᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠠᠴᠢᠮ ᠲᠦᠷᠭᠡᠨ ᠴᠢᠰᠤ ᠬᠦᠷᠭᠡᠬᠦ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠬᠦ᠂ ᠬᠠᠤᠯᠢᠵᠢᠯ ᠤᠨ ᠵᠠᠮ ᠢᠶᠠᠷ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠵᠡᠷᠭᠡ ᠰᠠᠨᠠᠯ ᠳᠤᠷᠠᠳᠤᠯᠭ᠎ᠠ ᠪᠣᠯᠤᠨ᠎ᠠ᠃    ᠶᠡᠭᠡ ᠬᠤᠷᠠᠯ ᠲᠡᠭᠦᠰᠦᠭᠰᠡᠨ ᠤ ᠲᠠᠷᠠᠭ᠎ᠠ᠂ ᠰᠠᠨᠠᠯ ᠵᠥᠪᠯᠡᠯᠭᠡ ᠶᠢᠨ ᠺᠣᠮᠢᠰ ᠠᠴᠠ ᠰᠠᠨᠠᠯ ᠵᠥᠪᠯᠡᠯᠭᠡ᠂ ᠰᠠᠨᠠᠭᠤᠯᠭ᠎ᠠ ᠶᠢ ᠳᠠᠬᠢᠨᠲᠠ ᠡᠮᠬᠢᠯᠡᠨ ᠲᠢᠭᠯᠡᠵᠦ᠂ ᠬᠡᠷᠡᠭ ᠪᠣᠯᠭᠠᠨ ᠳᠠᠩᠰᠠᠯᠠᠬᠤ ᠦᠭᠡᠢ ᠰᠠᠨᠠᠭᠤᠯᠭ᠎ᠠ ᠶᠢᠨ ᠲᠤᠬᠠᠶ ᠲᠠᠶᠢᠯᠪᠤᠷᠢᠯᠠᠯᠲᠠ ᠲᠣᠳᠣᠷᠬᠠᠶᠢᠯᠠᠯᠲᠠ ᠶᠢ ᠰᠠᠶᠢᠲᠤᠷ ᠬᠢᠨ᠎ᠠ︔ ᠬᠡᠷᠡᠭ ᠪᠣᠯᠭᠠᠨ ᠳᠠᠩᠰᠠᠯᠠᠭᠰᠠᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠳᠦᠷᠢᠮ ᠤᠨ ᠶᠣᠰᠣᠭᠠᠷ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃ ᠬᠤᠷᠠᠯ ᠤᠨ ᠳᠠᠷᠠᠭ᠎ᠠ ᠬᠤᠷᠢᠶᠠᠨ ᠠᠪᠤᠭᠰᠠᠨ ᠰᠠᠨᠠᠯ ᠵᠥᠪᠯᠡᠯᠭᠡ ᠶᠢ ᠴᠠᠭ ᠲᠤᠬᠠᠶ ᠳᠤᠨᠢ ᠬᠢᠨᠠᠨ ᠪᠠᠶᠢᠴᠠᠭᠠᠵᠤ᠂ ᠬᠡᠷᠡᠭ ᠪᠣᠯᠭᠠᠨ ᠳᠠᠩᠰᠠᠯᠠᠵᠤ᠂ ᠲᠤᠰᠢᠶᠠᠨ ᠥᠭᠴᠦ ᠰᠢᠢᠳᠪᠦᠷᠢᠯᠡᠭᠦᠯᠦᠨ᠎ᠡ  ᠃ ᠰᠠᠨᠠᠯ ᠳᠤᠷᠠᠳᠤᠯᠭ᠎ᠠ ᠶᠢ  ᠰᠢᠢᠳᠪᠦᠷᠢᠯᠡᠬᠦ ᠶᠠᠪᠤᠴᠠ ᠳᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠠᠴᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠪᠠᠳᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠮᠥᠷᠳᠡᠨ ᠰᠢᠪᠠᠳᠠᠨ ᠰᠢᠢᠳᠪᠦᠷᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠥᠬᠦ ᠶᠠᠪᠤᠴᠠ ᠶᠢᠨ ᠵᠥᠪᠳᠡᠯᠴᠡᠭᠡ ᠶᠢ ᠳᠥᠯᠭᠢᠨ ᠠᠬᠢᠭᠤᠯᠵᠤ᠂ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠳᠡᠭᠡᠭᠰᠢᠯᠡᠭᠦᠯᠦᠨ᠂ ᠰᠣᠳᠣᠨ ᠰᠠᠨᠠᠯ ᠳᠤᠷᠠᠳᠤᠯᠭ᠎ᠠ ᠶᠢ ᠪᠣᠶ ᠪᠣᠯᠭᠠᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号