ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠬᠦᠳ ᠰᠤᠮᠤ ᠪᠠᠯᠭᠠᠰᠤᠨ ᠳᠤ ᠬᠦᠷᠴᠦ ᠬᠤᠰᠢᠭᠤᠨ ᠳᠠᠷᠤᠭ᠎ᠠ ᠶᠢᠨ ᠲᠤᠬᠠᠢ ᠶᠢᠨ ᠲᠠᠯᠠᠪᠤᠷ ᠲᠤ ᠠᠵᠢᠯᠯᠠᠬᠤ ᠬᠤᠷᠠᠯ ᠬᠤᠷᠠᠯᠳᠤᠭᠤᠯᠵᠤ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2023/2/15
     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 10 ᠠᠴᠠ 11 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢ ᠳᠠᠭᠠᠭᠤᠯᠤᠨ᠂ ᠰᠤᠮᠤ ᠪᠠᠯᠭᠠᠰᠤᠨ ᠳᠤ ᠭᠦᠨᠵᠡᠭᠡᠶᠢᠷᠡᠨ ᠬᠤᠰᠢᠭᠤᠨ ᠳᠠᠷᠤᠭ᠎ᠠ ᠶᠢᠨ ᠲᠤᠬᠠᠢ ᠶᠢᠨ ᠲᠠᠯᠠᠪᠤᠷ ᠲᠤ ᠠᠵᠢᠯᠯᠠᠬᠤ ᠬᠤᠷᠠᠯ ᠬᠤᠷᠠᠯᠳᠤᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢᠨ ᠬᠠᠮᠲᠤ᠂ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠰᠢᠭᠤᠨ ᠳᠠᠷᠤᠭ᠎ᠠ ᠶᠢᠨ ᠲᠤᠬᠠᠢ ᠶᠢᠨ ᠲᠠᠯᠠᠪᠠᠶ ᠳᠤ ᠠᠵᠢᠯᠯᠠᠬᠤ ᠪᠠᠷ ᠳᠡᠮᠵᠢᠨ᠂ ᠬᠤᠥᠯᠢᠨ ᠭᠤᠣᠯ ᠬᠤᠲᠠ ᠬᠢᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠡᠨᠧᠷᠭᠢ ᠶᠢᠨ ᠲᠥᠷᠥᠯ ᠵᠦᠢᠯ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠵᠡᠷᠭᠡ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠶᠢᠨ ᠬᠠᠮᠲᠤ᠂ ᠠᠬᠢᠴᠠ ᠶᠢᠨ ᠲᠥᠯᠥᠪᠯᠡᠭᠡ ᠶᠢ ᠵᠦᠢᠯ ᠳᠠᠷᠠᠭᠠᠯᠠᠨ ᠲᠣᠭᠲᠠᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠪᠠᠶᠢᠯᠳᠤᠭᠠᠨ ᠬᠢᠵᠦ᠂ ᠴᠠᠭ ᠮᠥᠴᠡ ᠶᠢ ᠠᠯᠳᠠᠯ ᠦᠭᠡᠢ ᠪᠠᠷ ᠴᠠᠭ ᠲᠤᠬᠠᠢ ᠳᠤᠨᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠳᠤᠯᠠᠪᠠ᠃ ᠰᠤᠮᠤ ᠪᠠᠯᠭᠠᠰᠤ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ᠂ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ᠂ ︽ᠭᠤᠷᠪᠠ ᠶᠢ ᠴᠠᠭᠠᠵᠠᠯᠠᠬᠤ︾ ᠠᠵᠢᠯ᠂ ᠡᠪᠡᠰᠦ ᠳᠠᠷᠢᠬᠤ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠲᠥᠷᠥᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠬᠤ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠪᠠ᠃ ᠬᠤᠰᠢᠭᠤᠨ ᠤ ᠤᠳᠤᠷᠢᠳᠤᠯᠭ᠎ᠠ ᠴᠧᠨ ᠴᠢᠩ ᠬᠤᠸᠠ᠂ ᠹᠧᠩ ᠵᠢᠶᠠᠨ ᠵᠥᠩ᠂ ᠰᠥᠩ ᠵᠢᠶᠧ ᠵᠢᠴᠢ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    
 
ᠢᠷᠡᠯᠲᠡ᠄ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号