ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2023/2/15
    ᠠᠰᠠᠭᠤᠨ ᠯᠠᠪᠯᠠᠬᠤ ᠶᠢ ᠬᠥᠲᠥᠯᠥᠨ ᠵᠢᠯᠤᠭᠤᠳᠬᠤ ᠲᠣᠭᠤᠷᠢᠭ᠂ ᠥᠪᠡᠰᠦᠪᠡᠨ ᠦᠢᠯᠡᠴᠢᠯᠡᠬᠦ ᠲᠣᠭᠤᠷᠢᠭ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ᠂ ᠰᠡᠯᠡᠭᠦᠴᠡᠨ ᠤᠩᠰᠢᠬᠤ ᠲᠣᠭᠤᠷᠢᠭ᠂ ᠣᠯᠠᠨ ᠲᠦᠮᠡᠨ ᠤ ᠬᠦᠯᠢᠶᠡᠬᠦ ᠲᠣᠭᠤᠷᠢᠭ ᠁ ᠣᠶᠢᠷ᠎ᠠ ᠳᠤ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠡᠯ᠎ᠡ ᠦᠢᠯᠡᠴᠢᠯᠡᠭᠡᠨ ᠤ ᠴᠢᠳᠠᠮᠵᠢ ᠶᠢᠨ ᠬᠤᠪᠢᠶᠠᠷᠢ ᠲᠣᠭᠤᠷᠢᠭ ᠲᠣᠳᠣᠷᠬᠠᠢ᠂ ᠰᠠᠭᠤᠷᠢ ᠢᠵᠢ ᠪᠦᠷᠢᠳᠦᠭᠰᠡᠨ ᠲᠥᠬᠦᠭᠡᠷᠦᠮᠵᠢ ᠪᠦᠷᠢᠨ ᠭᠦᠢᠴᠡᠳ ᠪᠠᠶᠢᠬᠤ ᠶᠢ ᠣᠯᠵᠤ ᠬᠠᠷᠠᠪᠠ᠃ ᠡᠨᠡ ᠦᠶ᠎ᠡ ᠳᠤ ᠲᠤᠬᠠᠶᠢᠯᠠᠭᠰᠠᠨ ᠠᠵᠢᠯ ᠢᠶᠠᠨ ᠡᠷᠭᠢᠯᠡᠵᠦ ᠪᠠᠶᠢᠭᠰᠠᠨ ᠵᠠᠩ ᠱᠧᠩ ᠠᠵᠢᠯᠲᠠᠳ ᠤᠨ ᠢᠶᠠᠨ ᠬᠠᠪᠰᠤᠷᠤᠯᠭ᠎ᠠ ᠪᠠᠷ ᠠᠷᠪᠠᠨ ᠮᠢᠨᠦ᠋ᠲ ᠴᠦ ᠪᠣᠯᠤᠭ᠎ᠠ ᠦᠭᠡᠢ ᠪᠠᠷ ᠲᠤᠬᠠᠶᠢᠯᠠᠭᠰᠠᠨ ᠠᠵᠢᠯ ᠢᠶᠠᠨ ᠬᠢᠵᠦ ᠳᠠᠭᠤᠰᠬᠠᠵᠠᠢ᠃     ︽ᠪᠢ ᠥᠨᠥᠳᠥᠷ ᠬᠤᠪᠢ ᠬᠥᠮᠥᠨ ᠤ ᠣᠷᠣᠯᠠᠨ ᠪᠠᠷᠢᠮᠲᠠ ᠪᠢᠴᠢᠬᠦ ᠭᠠᠷ ᠭᠦᠢᠴᠡᠳᠬᠡᠯ ᠬᠢᠬᠦ ᠪᠠᠷ ᠢᠷᠡᠭᠰᠡᠨ ᠶᠤᠮ᠂ ᠮᠢᠨᠤ ᠦᠵᠡᠬᠦ ᠪᠠᠷ ᠭᠦᠢᠴᠡᠳᠬᠡᠬᠦ ᠶᠠᠪᠤᠴᠠ ᠮᠠᠰᠢ ᠲᠦᠷᠭᠡᠨ ᠪᠠᠶᠢᠨ᠎ᠠ᠂ ᠠᠷᠪᠠᠨ ᠮᠢᠨᠦ᠋ᠲ ᠪᠣᠯᠣᠯ ᠦᠭᠡᠢ ᠪᠠᠷ ᠳᠠᠭᠤᠰᠬᠠᠴᠢᠬᠠᠨ᠎ᠠ᠂ ᠲᠡᠷᠡ ᠮᠥᠷᠲᠡᠭᠡᠨ ᠣᠳᠣ ᠭᠠᠷ ᠭᠦᠢᠴᠡᠳᠬᠡᠯ ᠨᠡᠯᠢᠶᠡᠳ ᠴᠥᠭᠡᠨ ᠪᠠᠶᠢᠨ᠎ᠠ᠂ ᠤᠤᠯ ᠨᠢ ᠡᠳ᠋ ᠬᠥᠷᠥᠩᠭᠡ ᠶᠢᠨ ᠭᠡᠷᠡᠴᠢ ᠬᠡᠷᠡᠭᠰᠡᠨ᠎ᠡ᠂ ᠣᠳᠣ ᠴᠤ ᠬᠡᠷᠡᠭ ᠦᠭᠡᠢ ᠪᠣᠯᠵᠠᠢ᠂ ᠭᠡᠷ᠎ᠡ ᠶᠢ ᠬᠠᠩᠭᠠᠪᠠᠯ᠂ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠤᠤᠯ ᠪᠢᠴᠢᠭ ᠮᠠᠲ᠋ᠧᠷᠢᠶᠠᠯ ᠨᠢ ᠪᠣᠯᠴᠢᠬᠠᠨ᠎ᠠ᠂ ᠠᠵᠢᠯᠲᠠᠨ ᠨᠢ ᠴᠦ ᠨᠡᠯᠢᠶᠡᠳ ᠲᠤᠰᠬᠠᠢ ᠮᠡᠷᠭᠡᠵᠢᠯ ᠤᠨ᠂ ᠴᠠᠭ ᠨᠢ ᠨᠡᠯᠢᠶᠡᠳ ᠠᠷᠪᠢᠲᠠᠢ ᠪᠣᠯᠬᠤᠷ ᠶᠡᠭᠡ ᠪᠠᠶᠠᠷ ᠲᠠᠢ ᠪᠠᠶᠢᠨ᠎ᠠ︾ ︽ᠪᠢ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠤᠤᠯ ᠪᠢᠴᠢᠭ ᠮᠠᠲ᠋ᠧᠷᠢᠶᠠᠯ ᠢ ᠬᠠᠩᠭᠠᠪᠠᠯ ᠪᠣᠯᠴᠢᠬᠠᠨ᠎ᠠ᠂ ᠡᠭᠦᠨ ᠳᠤ ᠠᠵᠢᠯᠲᠠᠨ ᠨᠢ ᠴᠦ ᠨᠡᠯᠢᠶᠡᠳ ᠲᠤᠰᠬᠠᠢ ᠮᠡᠷᠭᠡᠵᠢᠯ ᠤᠨ᠂ ᠴᠠᠭ ᠨᠢ ᠨᠡᠯᠢᠶᠡᠳ ᠠᠷᠪᠢᠲᠠᠢ᠂ ᠴᠠᠭ ᠨᠢ ᠨᠡᠯᠢᠶᠡᠳ ᠠᠷᠪᠢᠲᠠᠢ ᠪᠣᠯᠬᠤᠷ ᠭᠡᠷ᠎ᠡ ᠶᠢ ᠬᠠᠩᠭᠠᠨ᠎ᠠ ᠭᠡᠵᠦ ᠤᠯᠠᠨ ᠲᠦᠮᠡᠨ ᠵᠠᠩ ᠱᠧᠩ ᠬᠡᠯᠡᠪᠡ᠃ ᠣᠶᠢᠷ᠎ᠠ ᠶᠢᠨ ᠵᠢᠯ ᠤᠳ ᠲᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ ᠪᠠᠷ ᠳᠡᠮᠵᠢᠨ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠰᠢᠢᠳᠪᠦᠷᠢᠯᠡᠬᠦ ᠶᠢᠨ ᠬᠦᠴᠢᠷᠳᠡᠯ᠂ ᠡᠪᠡᠷᠰᠢᠶᠡᠯ ᠤᠨ ᠲᠣᠭᠤᠷᠢᠨ ᠳᠤ᠂ ᠴᠣᠩᠬᠤᠪᠴᠢ ᠶᠢᠨ ᠦᠢᠯᠡᠴᠢᠯᠡᠭᠡ ᠶᠢ ᠳᠠᠬᠢᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠳᠠᠬᠢᠨ ᠭᠦᠨᠵᠡᠭᠡᠶᠢᠷᠡᠭᠦᠯᠵᠦ᠂ ᠦᠢᠯᠡᠴᠢᠯᠡᠭᠡ ᠶᠢ ᠨᠠᠩ ᠣᠨᠣᠪᠴᠢᠲᠠᠶ᠂ ᠠᠮᠢᠳᠤᠯᠢᠭ᠂ ᠠᠷᠠᠳ ᠲᠤ ᠳᠣᠲᠣᠨᠣ ᠪᠣᠯᠭᠠᠵᠤ᠂ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠦᠢᠯᠡᠴᠢᠯᠡᠭᠡ ᠪᠠᠷ ᠦᠢᠯᠡᠴᠢᠯᠡᠭᠡᠨ ᠤ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠨᠢ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠲᠠᠨ ᠢ ᠨᠡᠶᠢᠯᠡᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ᠣᠲᠣ ᠪᠣᠯᠲᠠᠯ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ 31 ᠨᠢᠭᠡᠴᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠴᠡ 8 ᠪᠠᠶᠢᠵᠤ᠂ 100% ᠳᠤ ᠬᠦᠷᠴᠦ᠂ ᠰᠠᠯᠠᠭ᠎ᠠ ᠮᠥᠴᠢᠷ 100% ᠳᠤ ᠬᠦᠷᠴᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠰᠬᠠᠢ ᠲᠣᠭᠤᠷᠢᠭ᠂ ᠨᠡᠶᠢᠭᠡᠮ ᠤᠨ ᠪᠠᠲᠤᠯᠠᠭ᠎ᠠ ᠶᠢᠨ ᠲᠣᠭᠤᠷᠢᠭ ᠵᠡᠷᠭᠡ ᠲᠤᠰᠬᠠᠢ ᠲᠣᠭᠤᠷᠢᠭ ᠤᠨ ᠴᠣᠩᠬᠤ ᠶᠢ ᠲᠣᠬᠢᠷᠠᠭᠤᠯᠵᠤ᠂ ᠭᠤᠶᠤᠴᠢᠯᠠᠬᠤ ᠲᠥᠷᠥᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠶᠣᠰᠣᠭᠠᠷ ᠣᠷᠣᠵᠤ ᠰᠠᠭᠤᠬᠤ ᠨᠣᠷᠮ᠎ᠠ ᠶᠢ 100% ᠳᠤ ᠬᠦᠷᠦᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ︽ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ︾ ︽ᠣᠶᠢᠷ᠎ᠠ ᠬᠠᠪᠢ ᠳᠤᠨᠢ ᠭᠦᠢᠴᠡᠳᠬᠡᠵᠦ ᠪᠣᠯᠬᠤ︾ ᠵᠠᠷᠴᠢᠮ ᠶᠣᠰᠣᠭᠠᠷ᠂ ᠰᠤᠮᠤ ᠪᠠᠯᠭᠠᠰᠤᠨ ᠳᠤ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ︾ ᠪᠠᠶᠢᠭᠤᠯᠵᠤ᠂ ᠭᠠᠴᠠᠭᠠᠨ ᠳᠤ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠴᠡᠭ︾ ᠪᠠᠶᠢᠭᠤᠯᠵᠤ᠂ ᠬᠤᠰᠢᠭᠤᠨ ᠤ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ 12 ᠰᠤᠮᠤ ᠪᠠᠯᠭᠠᠰᠤ᠂ 173 ᠭᠠᠴᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠳᠦᠷᠦᠯᠵᠢ ᠪᠠᠯᠭᠠᠰᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠲᠤ᠂ ᠠᠭᠤᠵᠢᠮ ᠰᠠᠷᠠᠭᠤᠯ ᠬᠡᠷᠡᠭ ᠡᠷᠬᠢᠯᠡᠬᠦ ᠲᠢᠩᠬᠢᠮ ᠳᠤ ᠬᠡᠷᠡᠭ ᠡᠷᠬᠢᠯᠡᠬᠦ ᠦᠢᠯᠡᠴᠢᠯᠡᠭᠡᠨ ᠤ ᠲᠣᠭᠤᠷᠢᠭ᠂ ᠤᠯᠠᠨ ᠴᠢᠳᠠᠮᠵᠢᠲᠤ ᠲᠢᠩᠬᠢᠮ ᠵᠡᠷᠭᠡ ᠠᠷᠠᠳ ᠲᠤ ᠲᠦᠬᠦᠮ ᠦᠵᠡᠭᠦᠯᠬᠦ ᠰᠠᠭᠤᠷᠢ ᠲᠥᠬᠦᠭᠡᠷᠦᠮᠵᠢ ᠶᠢ ᠬᠠᠮᠤᠷᠴᠠᠢ᠃ ᠮᠠᠯᠴᠢᠨ ᠲᠠᠷᠢᠶᠠᠴᠢᠳ ᠰᠤᠮᠤ ᠪᠠᠯᠭᠠᠰᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠲᠥᠬᠦᠮ ᠨᠥᠬᠦᠴᠡᠯ ᠢ ᠪᠠᠭ᠋ᠠᠷᠬᠠᠵᠤ ᠪᠠᠶᠢᠯ᠎ᠠ᠃ ︽ᠤᠤᠯ ᠨᠢ ᠬᠤᠰᠢᠭᠤᠨ ᠳᠤ ᠲᠤᠬᠠᠶᠢᠯᠠᠭᠰᠠᠨ ᠠᠵᠢᠯ ᠡᠷᠬᠢᠯᠡᠬᠦ ᠪᠠᠷ ᠶᠠᠪᠤᠵᠤ ᠪᠠᠶᠢᠵᠠᠢ᠂ ᠵᠠᠮ ᠬᠤᠯᠠ ᠪᠠᠶᠢᠨ᠎ᠠ᠂ ᠤᠳᠤ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠤ ᠲᠠᠷᠠᠭ᠎ᠠ᠂ ᠮᠠᠨ ᠤ ᠤᠯᠠᠨ ᠲᠦᠮᠡᠨ ᠶᠠᠮᠠᠷ ᠶᠠᠪᠤᠳᠠᠯ ᠢ ᠬᠢᠬᠦ ᠳᠤ ᠴᠦ ᠮᠠᠰᠢ ᠲᠦᠭᠦᠮ ᠲᠦᠷᠭᠡᠨ ᠪᠠᠶᠢᠨ᠎ᠠ︾ ᠭᠡᠵᠦ ᠳᠦᠷᠦᠯᠵᠢ ᠪᠠᠯᠭᠠᠰᠤ ᠶᠢᠨ ᠳᠦᠷᠦᠯᠵᠢ ᠭᠠᠴᠠᠭ᠎ᠠ ᠶᠢᠨ ᠮᠠᠯᠴᠢᠨ ᠯᠢᠦ ᠵᠢᠶᠠᠨ ᠮᠢᠨ ᠬᠡᠯᠡᠪᠡ᠃ ︽ᠳᠦᠷᠦᠯᠵᠢ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠲᠣ 15 ᠰᠠᠯᠠᠭ᠎ᠠ ᠮᠥᠴᠢᠷ ᠣᠷᠣᠵᠤ ᠰᠠᠭᠤᠭᠠᠳ ᠂ 13 ᠦᠢᠯᠡᠴᠢᠯᠡᠭᠡᠨ ᠤ ᠴᠣᠩᠬᠤ ᠭᠠᠷᠭᠠᠵᠤ᠂ 593 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠵᠦ᠂ 52 ᠵᠦᠢᠯ ᠤᠨ ᠵᠦᠢᠯᠡᠰ ᠢ ᠡᠵᠡᠨ ᠮᠡᠳᠡᠵᠦ ᠭᠦᠢᠴᠡᠳᠬᠡᠵᠡᠢ᠃ ᠪᠥᠬᠦ ᠪᠠᠯᠭᠠᠰᠤ ᠪᠠᠷ ᠢᠶᠠᠨ ᠪᠠᠯᠭᠠᠰᠤ᠂ ᠭᠠᠴᠠᠭ᠎ᠠ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠭᠠᠴᠠᠭ᠎ᠠ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ 19 ᠪᠣᠶ᠃ ᠨᠢᠳᠤᠨᠤᠨ ᠤ 9 ᠰᠠᠷ᠎ᠠ ᠳᠤ᠂ ᠪᠥᠬᠦ ᠬᠤᠰᠢᠭᠤᠨ ᠤ ᠰᠤᠮᠤ ᠪᠠᠯᠭᠠᠰᠤᠨ ᠤ ᠠᠩᠬᠠᠳᠠᠭᠴᠢ ᠡᠷᠦᠬᠡ ᠠᠮᠠ ᠶᠢᠨ ᠲᠠᠩᠰᠠ ᠭᠦᠢᠴᠡᠳᠬᠡᠬᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ ᠵᠡᠷᠭᠡ ᠦᠢᠯᠡᠴᠢᠯᠡᠭᠡᠨ ᠤ ᠴᠣᠩᠬᠤ ᠵᠢᠩᠬᠢᠨᠢ ᠪᠠᠷ ᠮᠠᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠣᠷᠣᠵᠤ ᠢᠷᠡᠭᠡᠳ᠂ ᠣᠯᠠᠨ ᠲᠦᠮᠡᠨ ᠳᠤ ᠴᠢᠨᠠᠷ ᠰᠠᠶᠢᠲᠠᠢ᠂ ᠣᠶᠤᠨᠴᠢᠯᠠᠭᠰᠠᠨ᠂ ᠳᠥᠭᠦᠮ ᠳᠥᠲᠡ ᠥᠨᠳᠥᠷ ᠪᠦᠲᠦᠮᠵᠢᠲᠡᠶ ᠴᠣ᠋ ᠰᠢᠨ᠎ᠡ ᠦᠢᠯᠡᠴᠢᠯᠡᠭᠡ ᠶᠢ ᠠᠪᠴᠢᠷᠠᠭᠰᠠᠨ ᠪᠠᠶᠢᠨ᠎ᠠ︾ ᠭᠡᠵᠦ ᠳᠦᠷᠦᠯᠵᠢ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠣᠣ ᠵᠢᠩ ᠵᠢᠶᠧ ᠬᠡᠯᠡᠵᠡᠢ᠃    ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠭᠠᠴᠠᠭᠠᠨ ᠤ ᠱᠠᠲᠤᠨ ᠳᠤ ᠬᠦᠷᠲᠡᠯ᠎ᠡ ᠤᠷᠲᠤᠳᠬᠠᠬᠤ ᠲᠠᠯ᠎ᠠ ᠪᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢ ᠭᠠᠴᠠᠭᠠᠨ ᠤ ᠱᠠᠲᠤᠨ ᠤ ᠦᠢᠯᠡᠴᠢᠯᠡᠭᠡᠨ ᠤ ᠠᠵᠢᠯᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠦᠯᠦᠭ ᠬᠤᠪᠢᠶᠠᠨ ᠪᠣᠯᠪᠠᠰᠤᠷᠠᠭᠤᠯᠤᠯ ᠬᠢᠬᠦ ᠪᠠ ᠲᠤᠬᠠᠢ ᠶᠢᠨ ᠲᠠᠯᠠᠪᠤᠷ ᠲᠤᠨᠢ ᠵᠢᠯᠣᠭᠤᠳᠤᠯᠭ᠎ᠠ ᠬᠢᠵᠦ᠂ ᠠᠵᠢᠯᠲᠠᠨ ᠤ ᠠᠵᠢᠯ ᠶᠠᠪᠤᠳᠠᠯ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠭᠠᠴᠠᠭᠠᠨ ᠤ 80 ᠵᠦᠢᠯ ᠤᠨ ᠦᠢᠯᠡᠴᠢᠯᠡᠭᠡᠨ ᠤ ᠵᠦᠢᠯᠡᠰ ᠢ ᠨᠢᠭᠡᠨᠲᠡ ᠭᠠᠴᠠᠭᠠᠨ ᠤ ᠱᠠᠲᠤᠨ ᠤ ᠠᠵᠢᠯᠲᠠᠨ ᠰᠢᠭᠤᠳ ᠭᠦᠢᠴᠡᠳᠬᠡᠬᠦ ᠪᠤᠶᠤ ᠣᠷᠣᠯᠠᠨ ᠭᠦᠢᠴᠡᠳᠬᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ ︾ ᠢ ᠨᠡᠪᠲᠡᠷᠡᠭᠦᠯᠪᠡ᠃ 2022 ᠣᠨ ᠤ 12 ᠰᠠᠷ᠎ᠠ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 1480 ᠵᠦᠢᠯ ᠣᠷᠣᠵᠤ ᠰᠠᠭᠤᠪᠠ︔ ᠲᠤᠷᠰᠢᠯᠲᠠ ᠶᠢᠨ ᠴᠢᠭ᠋ ᠤᠨ ᠰᠤᠮᠤ ᠪᠠᠯᠭᠠᠰᠤ ᠶᠢᠨ ᠳᠦᠷᠦᠯᠵᠢ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠭᠦᠢᠴᠡᠳᠬᠡᠵᠦ ᠪᠣᠯᠬᠤ ᠵᠦᠢᠯᠡᠰ ᠢ 593 ᠵᠦᠢᠯ ᠳᠤ ᠬᠦᠷᠦᠭᠦᠯᠵᠦ᠂ ᠪᠤᠰᠤᠳ ᠰᠤᠮᠤ ᠪᠠᠯᠭᠠᠰᠤ ᠶᠢᠨ ᠭᠦᠢᠴᠡᠳᠬᠡᠵᠦ ᠪᠣᠯᠬᠤ ᠵᠦᠢᠯᠡᠰ ᠢ 497 ᠵᠦᠢᠯ ᠳᠤ ᠬᠦᠷᠦᠬᠦᠯᠪᠡ︔ ᠡᠯ᠎ᠡ ᠰᠤᠮᠤ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ 52 ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠢ ᠲᠡᠭᠰᠢᠳᠬᠡᠨ ᠡᠮᠬᠢᠯᠡᠨ ᠨᠡᠶᠢᠲᠡᠯᠡᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠲᠠᠨ ᠨᠡᠶᠢᠲᠡ 193 ᠬᠥᠮᠥᠨ ᠲᠣᠬᠢᠷᠠᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠡᠷᠡᠭ ᠶᠠᠪᠤᠳᠠᠯ ᠤᠨ ᠲᠤᠭ᠎ᠠ ᠨᠡᠶᠢᠲᠡ 5409 ᠬᠤᠪᠢ ᠪᠠᠶᠢᠨ᠎ᠠ︔ ᠡᠯ᠎ᠡ ᠰᠤᠮᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠡᠷᠡᠭ ᠶᠠᠪᠤᠳᠠᠯ ᠤᠨ 52 ᠵᠦᠢᠯ ᠢ ᠲᠡᠭᠰᠢᠳᠬᠡᠨ ᠡᠮᠬᠢᠯᠡᠨ ᠨᠡᠶᠢᠲᠡᠯᠡᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠡᠷᠡᠭ ᠶᠠᠪᠤᠳᠠᠯ ᠤᠨ ᠲᠤᠭ᠎ᠠ ᠨᠡᠶᠢᠲᠡ 5409 ᠬᠤᠪᠢ ᠶᠢ ᠲᠣᠬᠢᠷᠠᠭᠤᠯᠪᠠ︔ ᠡᠯ᠎ᠡ ᠭᠠᠴᠠᠭ᠎ᠠ 50 ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠢ ᠲᠡᠭᠰᠢᠳᠬᠡᠨ ᠡᠮᠬᠢᠯᠡᠨ ᠨᠡᠶᠢᠲᠡᠯᠡᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠲᠠᠨ ᠨᠡᠶᠢᠲᠡ 1122 ᠬᠥᠮᠥᠨ ᠲᠣᠬᠢᠷᠠᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠤᠨ ᠲᠤᠭ᠎ᠠ ᠨᠡᠶᠢᠲᠡ 9057 ᠬᠤᠪᠢ ᠪᠠᠶᠢᠨ᠎ᠠ᠃ ︽ᠣᠶᠢᠷ᠎ᠠ ᠶᠢᠨ ᠵᠢᠯ ᠤᠳ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠠᠵᠤ ᠠᠬᠤᠶᠢᠯᠠᠯ ᠤᠨ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︿ᠬᠤᠰᠢᠭᠤ — ᠰᠤᠮᠤ ᠪᠠᠯᠭᠠᠰᠤ — ᠭᠠᠴᠠᠭ᠎ᠠ﹀ ᠭᠤᠷᠪᠠᠨ ᠱᠠᠲᠤᠨ ᠤ ᠦᠢᠯᠡᠴᠢᠯᠡᠭᠡᠨ ᠤ ᠬᠡᠯᠬᠢᠶ᠎ᠡ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠴᠢᠳᠠᠮᠵᠢ ᠪᠦᠷᠢᠨ ᠲᠡᠭᠦᠯᠳᠡᠷ᠂ ᠦᠢᠯᠡᠴᠢᠯᠡᠭᠡ ᠳᠥᠭᠦᠮ ᠳᠥᠲᠡ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠲᠠᠰᠤᠷᠠᠯᠲᠠ ᠦᠭᠡᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠮᠠᠨᠳᠤᠬᠤᠸᠠ ᠬᠡᠯᠡᠵᠡᠢ᠃  
 
ᠢᠷᠡᠯᠲᠡ᠄ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号